1985 ᠣᠨ ᠤ 4 ᠰᠠᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠱᠠᠯᠢᠭ ᠵᠠᠪᠬᠠᠢ ᠡᠳ᠋ ᠪᠣᠳᠠᠰ ᠢ ᠴᠢᠩᠭ᠎ᠠ ᠴᠠᠭᠠᠵᠠᠯᠠᠬᠤ ᠲᠤᠬᠠᠢ ᠲᠣᠭᠲᠠᠭᠠᠯ︾ | ᠭᠠᠷᠭᠠᠪᠠ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠨᠢ ᠳᠣᠲᠤᠭᠠᠲᠣ ᠶᠢ ᠬᠠᠮᠠᠭᠠᠯᠠᠬᠤ᠂ ᠰᠣᠶᠣᠯ᠂ ᠰᠣᠷᠭᠠᠨ ᠬᠦᠮᠦᠵᠢᠯ᠂ ᠷᠠᠳᠢᠣ᠋ ᠲᠧᠯᠸᠢᠰ | ᠬᠤᠷᠢᠶ᠎ᠠ ᠪᠣᠯᠣᠨ ᠥᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠢ ᠢᠳᠡᠪᠬᠢᠲᠠᠢ ᠵᠣᠬᠢᠶᠠᠨ ᠪᠠᠶᠢᠭᠤᠯᠵᠤ᠂ ᠲᠤᠰ | ᠲᠤᠰ ᠤᠨ ᠬᠢᠨᠢ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠨᠢᠭᠡᠲᠦᠯᠲᠠᠢ ᠠᠳᠬᠤᠨ ᠨᠢᠭᠡᠲᠦᠯᠲᠠᠢ ᠬᠠᠮᠢᠶᠠᠷᠴᠦ᠂ ᠨᠡᠶᠢᠲᠡ 13 ᠲᠦᠷᠰᠦ ᠰᠢᠩᠭᠡᠭᠡᠯᠲᠡ | ᠦᠵᠡᠭᠦᠯᠬᠦ ᠲᠢᠩᠬᠢᠮ ᠢ ᠬᠠᠭᠠᠵᠤ᠂ 832 ᠬᠦᠮᠦᠨ ᠳᠤ ᠠᠮᠤᠷ ᠢ ᠬᠠᠮᠠᠭᠠᠯᠠᠬᠤ ᠰᠢᠢᠳᠬᠡᠯ ᠣᠯᠭᠤᠪᠠ᠃ | 1987 ᠣᠨ ᠳᠤ ᠪᠦᠬᠦ ᠬᠤᠲᠠ ᠳᠤ ᠱᠠᠯᠢᠭ ᠵᠠᠪᠬᠠᠢ ᠪᠣᠳᠠᠰ ᠦᠢᠯᠡᠳᠴᠦ ᠫᠠᠨᠽᠠᠯᠠᠵᠤ ᠲᠠᠷᠬᠠᠭᠠᠭᠰᠠᠨ ᠬᠡᠷᠡᠭ ᠢ 13 ᠢᠯᠡᠷᠡᠭᠦᠯᠦᠨ ᠰᠢᠢᠳᠪᠦᠷᠢᠯᠡᠵᠦ᠂ 58 | ᠬᠦᠮᠦᠨ ᠢ ᠰᠢᠢᠳᠬᠡᠨ᠂ ᠲᠦᠷᠰᠦ ᠰᠢᠩᠭᠡᠭᠡᠯᠲᠡ ᠶᠢᠨ ᠲᠠᠶᠢᠫ 11᠂ ᠱᠠᠯᠢᠭ ᠵᠠᠪᠬᠠᠢ ᠭᠠᠷ ᠪᠢᠴᠢᠮᠡᠯ ᠲᠡᠪᠲᠡᠷ 9᠂ ᠱᠠᠯᠢᠭ ᠵᠠᠪᠬᠠᠢ ᠵᠢᠷᠣᠭᠲᠤ ᠲᠠᠪᠲᠠᠷ 4᠂ ᠱᠠᠯᠢᠭ | ᠵᠠᠪᠬᠠᠢ ᠵᠢᠷᠤᠭ ᠰᠡᠭᠦᠲᠡᠷ 15 ᠶᠢ ᠬᠤᠷᠢᠶᠠᠨ ᠠᠪᠴᠠᠢ᠃ | 1989 ᠣᠨ ᠤ 1 ᠰᠠᠷ᠎ᠠ ᠳᠤ ᠤᠯᠠᠭᠠᠨᠬᠠᠳᠠ ᠬᠤᠲᠠ ᠶᠢᠨ ᠳᠣᠲᠤᠭᠠᠳᠤ ᠶᠢ ᠬᠠᠮᠠᠭᠠᠯᠠᠬᠤ ᠲᠣᠪᠴᠢᠶ᠎ᠠ᠂ ᠰᠤᠶᠤᠯ ᠪᠡᠶ᠎ᠡ ᠲᠠᠮᠢᠷ ᠤᠨ ᠲᠣᠪᠴᠢᠶ᠎ᠠ᠂ | ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠷᠠᠳᠢᠣ᠋ ᠲᠧᠯᠸᠢᠰ ᠲᠣᠪᠴᠢᠶ᠎ᠠ ᠬᠠᠮᠲᠤᠷᠠᠨ ︽ᠤᠯᠠᠭᠠᠨᠬᠠᠳᠠ ᠬᠤᠲᠠ ᠶᠢᠨ | ᠰᠤᠶᠤᠯ ᠤᠨ ᠵᠠᠬ᠎ᠠ ᠳᠡᠯᠭᠡᠬᠦᠷ ᠢ ᠪᠠᠶᠢᠴᠠᠭᠠᠬᠤ ᠦᠨᠡᠮᠯᠠᠯ︾ ᠢ ᠦᠢᠯᠡᠳᠦᠨ ᠲᠠᠷᠬᠠᠭᠠᠵᠤ᠂ ᠳᠡᠭᠡᠷ᠎ᠡ ᠳᠣᠷᠠᠳᠤᠭᠰᠠᠨ ᠪᠠᠶᠢᠭᠤᠯᠭ᠎ᠠ ᠶᠢᠨ ᠲᠣᠮᠢᠯᠠᠭᠰᠠᠨ ᠠᠵᠢᠯᠲᠠᠳ | ᠦᠨᠡᠮᠯᠡᠯ ᠢᠶᠠᠷ ᠢᠶᠠᠨ ᠲᠣᠰ ᠬᠤᠲᠠ ᠶᠢᠨ ᠰᠤᠶᠤᠯ ᠤᠨ ᠵᠠᠬ᠎ᠠ ᠳᠡᠯᠭᠡᠭᠦᠷ ᠢ ᠴᠠᠭ ᠢᠮᠠᠭᠲᠠ ᠪᠠᠶᠢᠴᠠᠭᠠᠨ ᠬᠢᠨᠠᠯᠲᠠ ᠲᠠᠯᠪᠢᠵᠤ᠂ ᠱᠠᠯᠢᠭ ᠵᠠᠪᠬᠠᠢ ᠡᠳ᠋ ᠪᠣᠲᠠᠰ ᠳᠠᠮᠵᠢᠨ | ᠲᠠᠷᠬᠠᠬᠤ ᠪᠣᠯᠤᠮᠵᠢ ᠶᠢ ᠡᠯ᠎ᠡ ᠲᠠᠯ᠎ᠠ ᠪᠠᠷ ᠬᠤᠷᠢᠭᠯᠠᠪᠠ᠃ | 1989 ᠣᠨ ᠤ 11 ᠰᠠᠷ᠎ᠠ ᠠᠴᠠ 1990 ᠣᠨ ᠤ 2 ᠰᠠᠷ᠎ᠠ ᠪᠣᠯᠳᠠᠯ᠎ᠠ ᠪᠦᠬᠦ ᠬᠤᠲᠠ ᠳᠤ ᠬᠠᠷ᠎ᠠ ᠲᠠᠮᠠᠭᠢ ᠴᠠᠭᠠᠵᠠᠯᠠᠨ ᠬᠤᠣᠷ ᠲᠠᠲᠠᠬᠤ ᠶᠢ ᠵᠣᠭᠰᠤᠭᠠᠬᠤ᠂ | ᠱᠠᠯᠢᠭ ᠵᠠᠪᠬᠠᠢ ᠪᠣᠳᠠᠰ ᠢ ᠪᠠᠶᠢᠴᠠᠭᠠᠨ ᠴᠠᠭᠠᠵᠠᠯᠠᠬᠤ᠂ ᠹᠸᠣᠳᠠᠯ ᠤᠨ ᠮᠤᠬᠤᠷ ᠪᠢᠰᠢᠷᠡᠯ ᠢ ᠪᠠᠶᠢᠴᠠᠭᠠᠨ ᠴᠠᠭᠠᠵᠠᠯᠠᠬᠤ᠂ ᠵᠣᠭᠤᠰ ᠮᠥᠷᠦ᠋ᠢᠴᠡᠬᠦ ᠶᠢ ᠴᠠᠭᠠᠵᠠᠯᠠᠬᠤ᠂ | ᠶᠠᠩᠬᠠᠯᠠᠭᠰᠠᠨ ᠪᠠ ᠶᠠᠩᠬᠠᠨ ᠳᠤ ᠣᠷᠣᠭᠰᠠᠳ ᠲᠤ ᠴᠣᠬᠢᠯᠲᠠ ᠥᠭᠬᠦ᠂ ᠡᠮᠡᠭᠲᠡᠶᠢᠴᠦᠳ ᠬᠡᠣᠭᠡᠳ ᠢ ᠮᠡᠬᠡᠯᠡᠨ ᠬᠤᠳᠠᠯᠳᠤᠬᠤ ᠶᠠᠯᠠᠲᠦ ᠠᠵᠢᠯᠯᠠᠭ᠎ᠠ ᠳᠤ ᠴᠣᠬᠢᠯᠲᠠ | ᠥᠭᠬᠦ ︽ᠵᠢᠷᠭᠤᠭᠠᠨ ᠬᠤᠤᠷ ᠢ ᠠᠷᠢᠯᠭᠠᠬᠤ︾ ᠠᠵᠢᠯᠯᠠᠭᠠᠨ ᠢ ᠥᠷᠨᠢᠭᠦᠯᠵᠦ᠂ ᠱᠠᠯᠢᠭ ᠵᠠᠪᠬᠠᠢ ᠪᠣᠳᠠᠰ ᠦᠢᠯᠡᠳᠴᠦ ᠫᠠᠨᠽᠠᠯᠠᠵᠤ ᠲᠠᠷᠬᠠᠭᠠᠭᠰᠠᠨ 28 ᠬᠡᠷᠡᠭ ᠂ 92 | ᠬᠦᠮᠦᠨ ᠢ ᠪᠠᠶᠢᠴᠠᠭᠠᠨ ᠰᠢᠢᠳᠪᠦᠷᠢᠯᠡᠵᠦ᠂ ᠱᠠᠯᠢᠭ ᠵᠠᠪᠬᠠᠢ ᠲᠦᠷᠰᠦ ᠰᠢᠩᠭᠡᠭᠡᠯᠲᠡ ᠶᠢᠨ ᠲᠠᠶᠢᠫ 255᠂ ᠲᠠᠭᠤ ᠰᠢᠩᠭᠡᠭᠡᠯᠲᠡ ᠶᠢᠨ ᠲᠠᠶᠢᠫ 530᠂ ᠱᠠᠯᠢᠭ ᠵᠠᠪᠬᠠᠢ | ᠨᠣᠮ ᠰᠡᠳᠬᠦᠯ 2 000 ᠭᠠᠷᠤᠢ ᠳᠡᠪᠲᠡᠷ᠂ ᠱᠠᠯᠢᠭ ᠵᠠᠪᠬᠠᠢ ᠭᠦᠵᠦᠷ 1 800 ᠭᠠᠷᠤᠢ ᠢᠵᠢ᠂ ᠱᠠᠯᠢᠭ ᠵᠠᠪᠬᠠᠢ ᠵᠢᠵᠢᠭ ᠵᠢᠷᠤᠭ 20 ᠬᠠᠭᠤᠳᠠᠰᠦ ᠶᠢ | ᠪᠠᠶᠢᠴᠠᠭᠠᠨ ᠭᠠᠷᠭᠠᠵᠤ᠂ ᠬᠠᠣᠯᠢ ᠶᠢ ᠵᠦᠷᠢᠴᠡᠭᠰᠡᠨ ᠡᠯ᠎ᠡ ᠵᠦᠢᠯ ᠤᠨ ᠨᠣᠮ ᠰᠡᠳᠬᠦᠯ 2 300 ᠭᠠᠷᠤᠢ ᠲᠡᠪᠲᠡᠷ᠂ 3 ᠲᠧᠯᠸᠢᠰ ᠮᠠᠰᠢᠨ᠂ 2 ᠲᠦᠷᠰᠦ | ᠦᠵᠡᠭᠦᠯᠦᠭᠴᠢ ᠮᠠᠰᠢᠨ ᠢ ᠪᠢᠲᠡᠭᠦᠮᠵᠢᠯᠡᠨ ᠬᠤᠷᠢᠶᠠᠵᠤ᠂ 831 ᠬᠦᠮᠦᠨ ᠢ ᠠᠮᠤᠷ ᠢ ᠬᠠᠮᠠᠭᠠᠯᠠᠬᠤ ᠬᠠᠮᠢᠶᠠᠷᠤᠯᠲᠠ ᠪᠠᠷ ᠰᠢᠢᠳᠬᠡᠵᠦ᠂ 38 ᠬᠦᠮᠦᠨ ᠢ | ᠬᠤᠷᠢᠶᠠᠮᠵᠢᠯᠠᠨ ᠪᠠᠶᠢᠴᠠᠭᠠᠪᠠ᠃ | | | |