ᠥᠭᠡᠷᠡᠴᠢᠯᠡᠯᠲᠡ ᠬᠢᠵᠦ ᠴᠢᠯᠦᠭᠡᠲᠡᠢ ᠶᠠᠪᠣᠯᠴᠠᠭᠰᠠᠨ ᠠᠴᠠ ᠰᠡᠭᠦᠯᠡᠷ ᠬᠤᠲᠠ ᠪᠠᠯᠭᠠᠰᠤ ᠶᠢᠨ ᠠᠵᠤ ᠠᠬᠤᠢ ᠶᠢᠨ ᠬᠦᠭᠵᠢᠯᠲᠡ ᠶᠢ ᠳᠠᠭᠠᠯᠳᠤᠨ᠂ ᠨᠢᠭᠡ | ᠪᠦᠯᠦᠭ ᠱᠠᠯᠢᠭ ᠵᠠᠪᠬᠠᠢ ᠪᠦᠲᠦᠭᠡᠭᠳᠡᠬᠦᠨ ᠵᠢᠱᠢᠶᠡᠯᠡᠪᠡᠯ ᠱᠠᠯᠢᠭ ᠵᠠᠪᠬᠠᠢ ᠨᠣᠮ ᠪᠢᠴᠢᠭ᠂ ᠰᠣᠨᠢᠨ ᠰᠡᠳᠬᠦᠯ᠂ ᠵᠢᠷᠤᠭ ᠰᠡᠬᠦᠲᠡᠷ᠂ ᠲᠦᠷᠰᠦ ᠰᠢᠩᠭᠡᠭᠡᠯᠲᠡ ᠶᠢᠨ | ᠲᠠᠶᠢᠫ᠂ ᠳᠠᠭᠤ ᠰᠢᠩᠭᠡᠭᠡᠯᠲᠡ ᠶᠢᠨ ᠲᠠᠶᠢᠫ ᠵᠡᠷᠭᠡ ᠤᠳ ᠲᠣᠲᠤᠷ ᠭᠠᠵᠠᠷ ᠲᠤ ᠨᠠᠪᠴᠢᠨ ᠣᠷᠣᠵᠤ ᠢᠷᠡᠪᠡ᠃ 1982 ᠣᠨ ᠤ 2 ᠳ᠋ᠤᠭᠠᠷ ᠰᠠᠷ᠎ᠠ ᠳᠤ ᠳᠣᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠲᠡᠷᠰᠯᠡᠭᠦᠦ ᠱᠠᠯᠢᠭ ᠵᠠᠪᠬᠠᠢ ᠪᠣᠵᠠᠷ ᠪᠣᠯᠬᠢ ᠲᠦᠷᠰᠦ | ᠲᠠᠭᠤ ᠰᠢᠩᠭᠡᠭᠡᠯᠲᠡ ᠶᠢᠨ ᠪᠦᠲᠦᠭᠡᠭᠳᠡᠬᠦᠨ ᠢ ᠭᠠᠳᠠᠭᠠᠲᠤ ᠠᠴᠠ ᠣᠷᠣᠭᠤᠯᠵᠤ᠂ ᠳᠠᠬᠢᠨ ᠦᠢᠯᠡᠳᠴᠦ᠂ ᠪᠣᠷᠣᠯᠠᠭᠤᠯᠵᠤ᠂ ᠨᠡᠪᠲᠡᠷᠡᠭᠦᠯᠬᠦ ᠶᠢ ᠴᠢᠩᠭ᠎ᠠ ᠴᠠᠭᠠᠵᠠᠯᠠᠬᠤ | ᠲᠣᠬᠠᠢ ᠲᠣᠭᠲᠠᠭᠠᠯ︾ ᠢ ᠨᠡᠶᠢᠲᠡᠯᠡᠭᠰᠡᠨ ᠠᠴᠠ ᠰᠡᠭᠦᠯᠡᠷ ᠡᠯ᠎ᠡ ᠱᠠᠲᠤᠨ ᠤ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠲᠦᠪᠯᠡᠷᠡᠭᠦᠯᠦᠨ ᠴᠣᠬᠢᠯᠲᠠ ᠥᠭᠴᠦ | ᠴᠠᠭᠠᠵᠠᠯᠠᠬᠤ ᠪᠠ ᠴᠡᠪᠡᠷᠯᠡᠨ ᠪᠠᠶᠢᠴᠠᠭᠠᠵᠤ ᠬᠤᠷᠢᠶᠠᠵᠤ ᠠᠪᠬᠤ ᠨᠢᠭᠡᠳᠦᠯᠲᠠᠢ ᠠᠵᠢᠯᠯᠠᠭᠠᠨ ᠢ ᠥᠷᠨᠢᠭᠦᠯᠪᠡ᠃ ᠴᠣᠬᠢᠯᠲᠠ ᠥᠭᠬᠦ ᠭᠤᠣᠯᠳᠠᠯᠭ᠎ᠠ ᠨᠢ ᠪᠣᠯ᠄ | ᠡᠮᠡᠭᠲᠡᠶᠢᠴᠦᠳ ᠢ ᠮᠡᠬᠡᠯᠡᠨ ᠠᠪᠠᠴᠢᠵᠤ᠂ ᠠᠯᠪᠠᠳᠠᠵᠤ᠂ ᠵᠢᠭᠠᠨ ᠳᠣᠬᠢᠵᠤ ᠶᠠᠩᠬᠠᠯᠠᠭᠤᠯᠤᠭᠰᠠᠨ᠃ ᠡᠮᠡᠭᠲᠡᠶᠢᠴᠦᠳ ᠢ ᠦᠳᠦᠭᠡᠵᠦ᠂ ᠠᠷᠭᠠᠳᠠᠵᠤ᠂ ᠲᠠᠨᠢᠯᠴᠠᠭᠤᠯᠵᠤ | ᠪᠠᠶᠢᠭᠠᠳ ᠶᠠᠩᠬᠠᠯᠠᠭᠤᠯᠤᠭᠰᠠᠨ ᠶᠠᠩᠬᠠᠨ ᠤ ᠲᠦᠷᠦᠭᠦᠦ᠂ ᠤᠭᠤᠲᠠᠴᠢ᠃ ᠱᠠᠯᠢᠭ ᠵᠠᠪᠬᠠᠢ ᠨᠣᠮ ᠵᠢᠷᠤᠭ᠂ ᠡᠳ᠋ ᠪᠣᠲᠠᠰ ᠢ ᠨᠠᠶᠢᠷᠠᠭᠤᠯᠤᠨ ᠵᠣᠬᠢᠶᠠᠭᠰᠠᠨ᠂ | ᠦᠢᠯᠡᠳᠦᠭᠰᠡᠨ᠂ ᠬᠠᠭᠤᠯᠪᠤᠷᠢᠯᠠᠭᠰᠠᠨ᠂ ᠫᠠᠨᠽᠠᠯᠠᠭᠰᠠᠨ᠂ ᠨᠢᠭᠤᠴᠠ ᠪᠠᠷ ᠠᠷᠠᠯᠵᠢᠶᠠᠯᠠᠭᠰᠠᠨ᠃ ᠱᠠᠯᠢᠭ ᠵᠠᠪᠬᠠᠢ ᠪᠣᠵᠠᠷ ᠪᠣᠯᠬᠢ ᠳᠦᠷᠰᠦ ᠰᠢᠩᠭᠡᠭᠡᠯᠲᠡ ᠶᠢ ᠵᠣᠬᠢᠶᠠᠨ | ᠪᠠᠶᠢᠭᠤᠯᠤᠨ ᠦᠵᠡᠭᠦᠯᠦᠭᠰᠡᠨ᠂ ᠱᠠᠯᠢᠭ ᠵᠠᠪᠬᠠᠢ ᠨᠣᠮ ᠵᠢᠷᠤᠭ ᠢ ᠠᠰᠢᠭᠯᠠᠨ ᠪᠣᠰᠣᠳ ᠢ ᠳᠣᠷᠦ᠋ᠢᠲᠠᠭᠤᠯᠤᠭᠰᠠᠨ᠂ ᠪᠤᠰᠤᠳ ᠢ ᠥᠳᠥᠭᠡᠨ ᠳᠣᠬᠢᠭᠰᠠᠨ ᠵᠡᠷᠭᠡ | ᠬᠠᠤᠯᠢ ᠶᠢ ᠵᠦᠷᠢᠴᠡᠭᠰᠡᠨ ᠶᠠᠯᠠᠲᠦ ᠡᠲᠡᠭᠡᠳ ᠪᠣᠯᠣᠨ᠎ᠠ᠃ ᠱᠠᠯᠢᠭ ᠵᠠᠪᠬᠠᠢ ᠨᠣᠮ ᠵᠢᠷᠤᠭ ᠢ ᠪᠠᠶᠢᠴᠠᠭᠠᠨ ᠴᠠᠭᠠᠵᠠᠯᠠᠵᠤ ᠬᠤᠷᠢᠶᠠᠨ ᠠᠪᠬᠤ ᠳᠤ ᠪᠠᠨ ᠬᠠᠮᠢᠶ᠎ᠠ ᠪᠦᠬᠦᠢ | ᠪᠠᠶᠢᠭᠤᠯᠭ᠎ᠠ ᠲᠠᠢ ᠠᠵᠢᠯ ᠬᠤᠪᠢᠶᠠᠨ ᠬᠠᠷᠢᠭᠤᠴᠠᠨ ᠨᠢᠬᠲᠠ ᠬᠠᠮᠵᠢᠯᠴᠠᠵᠤ᠂ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢ ᠶᠢ | ᠪᠠᠶᠢᠭᠤᠯᠭ᠎ᠠ ᠬᠠᠷᠢᠭᠤᠴᠠᠨ ᠴᠡᠪᠡᠷᠯᠡᠨ ᠬᠤᠷᠢᠶᠠᠵᠤ᠂ ᠨᠡᠶᠢᠭᠡᠮ ᠳᠡᠭᠡᠷ᠎ᠡ ᠲᠠᠷᠬᠠᠵᠤ ᠪᠠᠶᠢᠭ᠎ᠠ ᠶᠢ ᠲᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠷᠢᠶᠠᠨ ᠠᠪᠤᠪᠠ᠃ | ᠡᠭᠦᠨ ᠤ ᠬᠠᠮᠲᠦ ᠲᠦᠷᠰᠦ ᠰᠢᠩᠭᠡᠭᠡᠯᠲᠡ ᠨᠡᠪᠳᠡᠷᠡᠭᠦᠯᠳᠡᠭ ᠴᠡᠭ ᠢ ᠴᠡᠭᠴᠡᠯᠡᠨ ᠳᠠᠩᠰᠠᠯᠠᠵᠤ᠂ ᠱᠠᠯᠢᠭ ᠵᠠᠪᠬᠠᠢ ᠪᠣᠵᠠᠷ ᠪᠣᠯᠬᠢ ᠲᠦᠷᠰᠦ ᠰᠢᠩᠭᠡᠭᠡᠯᠲᠡ᠂ ᠺᠢᠨᠤ᠋ | ᠵᠦᠴᠦᠭᠡ ᠨᠡᠪᠲᠡᠷᠡᠭᠦᠯᠦᠭᠰᠡᠨ ᠢ ᠣᠯᠵᠤ ᠮᠡᠳᠡᠪᠡᠯ ᠡᠷᠡᠰ ᠲᠠᠰᠤᠷᠬᠠᠢ ᠴᠠᠭᠠᠵᠠᠯᠠᠨ᠂ ᠲᠦᠷᠰᠦ ᠰᠢᠩᠭᠡᠭᠡᠯᠲᠡ ᠶᠢᠨ ᠲᠠᠶᠢᠫ ᠢ ᠨᠢ ᠬᠤᠷᠢᠶᠠᠵᠤ ᠠᠪᠴᠠᠢ᠃ ᠪᠠᠰᠠ | ᠶᠠᠩᠬᠠᠯᠠᠬᠤ᠂ ᠶᠠᠩᠬᠠᠨ ᠳᠤ ᠣᠷᠣᠬᠤ ᠠᠵᠢᠯᠯᠠᠭ᠎ᠠ ᠳᠤ ᠳᠦᠭᠦᠮ ᠦᠵᠡᠭᠦᠯᠲᠡᠭ ᠵᠢᠵᠢᠭ ᠪᠠᠭᠤᠳᠠᠯ᠂ ᠵᠢᠵᠢᠭ ᠥᠷᠲᠡᠭᠡ ᠶᠢ ᠭᠤᠣᠯᠳᠠᠯᠭ᠎ᠠ ᠲᠠᠢ ᠠᠳᠬᠤᠵᠤ᠂ ᠪᠠᠭᠤᠳᠠᠯ | ᠡᠷᠬᠢᠯᠡᠬᠦ ᠲᠤᠰᠬᠠᠢ ᠠᠵᠢᠯ ᠤᠨ ᠬᠠᠮᠢᠶᠠᠷᠤᠯᠲᠠ ᠶᠢᠨ ᠳᠦᠷᠢᠮ ᠲᠣᠬᠲᠠᠭᠠᠯ ᠢ ᠵᠢᠷᠤᠮᠯᠠᠬᠤ ᠦᠭᠡᠢ ᠶᠠᠩᠬᠠᠯᠠᠵᠤ᠂ ᠶᠠᠩᠬᠠᠨ ᠳᠤ ᠣᠷᠣᠭᠴᠢᠳ ᠳᠥᠭᠦᠮ ᠦᠵᠡᠭᠦᠯᠦᠨ | ᠬᠤᠨᠣᠭᠤᠯᠵᠤ᠂ ᠱᠠᠯᠢᠭ ᠵᠠᠪᠬᠠᠢ ᠨᠣᠮ ᠵᠢᠷᠤᠭ ᠵᠡᠷᠭᠡ ᠡᠳ᠋ ᠪᠣᠲᠠᠰ ᠢ ᠨᠢᠭᠤᠨ ᠳᠠᠯᠳᠠᠯᠠᠵᠤ ᠲᠠᠷᠬᠠᠭᠠᠭᠰᠠᠨ ᠪᠠᠶᠢᠪᠠᠯ᠂ ᠪᠠᠶᠢᠭᠤᠯᠭ᠎ᠠ ᠶᠢᠨ ᠬᠠᠷᠢᠭᠤᠴᠠᠯᠭᠠᠲᠠᠨ ᠠᠴᠠ ᠨᠢ | ᠬᠠᠷᠢᠭᠤᠴᠠᠯᠭ᠎ᠠ ᠨᠡᠬᠡᠮᠵᠢᠯᠡᠪᠡ᠃ ᠪᠦᠬᠦ ᠵᠢᠯ ᠳᠤ ᠱᠠᠯᠢᠭ ᠵᠠᠪᠬᠠᠢ ᠲᠦᠷᠰᠦ ᠰᠢᠩᠭᠡᠭᠡᠯᠲᠡ ᠶᠢᠨ ᠲᠠᠶᠢᠫ 99 ᠲᠠᠪᠠᠭ᠂ ᠱᠠᠯᠢᠭ ᠵᠠᠪᠬᠠᠢ ᠨᠣᠮ ᠰᠡᠳᠬᠦᠯ 163 | ᠳᠡᠪᠲᠡᠷ ᠢ ᠪᠠᠶᠢᠴᠠᠭᠠᠨ ᠬᠤᠷᠢᠶᠠᠪᠠ᠃ 1983 ᠣᠨ ᠤ 12 ᠰᠠᠷ᠎ᠠ ᠳᠤ ᠤᠯᠤᠰ ᠤᠨ ᠲᠣᠲᠣᠭᠠᠲᠤ ᠶᠢ ᠬᠠᠮᠠᠭᠠᠯᠠᠬᠤ ᠶᠠᠮᠤᠨ ᠠᠴᠠ ︽ᠱᠠᠯᠢᠭ ᠵᠠᠪᠬᠠᠢ ᠡᠳ᠋ ᠪᠣᠳᠠᠰ ᠢ | ᠬᠤᠷᠢᠶᠠᠨ ᠬᠠᠮᠢᠶᠠᠷᠴᠦ ᠰᠢᠢᠳᠪᠦᠷᠢᠯᠡᠬᠦ ᠲᠤᠬᠠᠢ ᠮᠡᠳᠡᠭᠳᠡᠯ︾ ᠨᠡᠶᠢᠲᠡᠯᠡᠵᠦ᠂ ᠬᠤᠷᠢᠶᠠᠵᠤ ᠠᠪᠤᠭᠰᠠᠨ ᠱᠠᠯᠢᠭ ᠵᠠᠪᠬᠠᠢ ᠡᠳ᠋ ᠪᠣᠳᠠᠰ ᠢ ᠲᠣᠲᠣᠭᠠᠲᠤ ᠶᠢ ᠬᠠᠮᠠᠭᠠᠯᠠᠬᠤ | ᠪᠠᠶᠢᠭᠤᠯᠭ᠎ᠠ ᠬᠠᠷᠢᠭᠤᠴᠠᠨ ᠲᠠᠩᠰᠠᠯᠠᠨ ᠳᠡᠪᠲᠡᠷᠯᠡᠵᠦ᠂ ᠲᠤᠰᠬᠠᠢ ᠬᠦᠮᠦᠨ ᠬᠠᠮᠢᠶᠠᠷᠴᠦ᠂ ᠬᠤᠶᠠᠷ ᠬᠦᠮᠦᠨ ᠬᠠᠷᠢᠭᠤᠴᠠᠬᠤ ᠬᠡᠷᠡᠭᠲᠡᠢ᠂ ᠬᠠᠮᠢᠶ᠎ᠠ ᠦᠭᠡᠢ ᠬᠦᠮᠦᠨ | ᠣᠶᠢᠷᠠᠳᠴᠦ ᠪᠣᠯᠬᠤ ᠦᠭᠡᠢ ᠭᠡᠵᠡᠢ᠃ | |