ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/4
ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾᠎ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ                                              ᠤᠯᠠᠭᠠᠨᠬᠠᠳᠠ ᠵᠠᠰᠠᠭ ᠲᠠᠷᠬᠠᠭᠠᠭᠰᠠᠨ〔2020〕9 ᠳ᠋ᠤᠬᠡᠷ ᠲᠣᠭᠠᠲᠤ       ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠳᠤ᠄      ᠡᠳᠦᠭᠡ ︽ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠎ ᠨᠦᠭᠦᠳ ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ2024 ᠣᠨ ᠤ 6 ᠰᠠᠷ᠎ᠠ ᠶᠢᠨ 13᠎ ᠤ ᠡᠳᠦᠷ ︵ ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ ︶ ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ                ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠎ ᠶᠢ  ᠠᠬᠢᠭᠤᠯᠬᠤ  ᠠᠷᠭ᠎ᠠ  ᠬᠡᠮᠵᠢᠶ᠎ᠡ  ᠎ ᠨᠦᠭᠦᠳ       ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠦᠷᠭᠡᠳᠬᠡᠨ ᠪᠠᠶᠢᠭᠤᠯᠬᠤ ᠎ ᠶᠢᠨ ᠲᠤᠰᠠᠳᠠ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ〔2020〕16 ᠳ᠋ᠤᠭᠠᠷ ᠲᠣᠭᠠᠲᠤ︶ ᠪᠣᠯᠤᠨ ︽ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠲᠣᠭᠲᠠᠪᠤᠷᠢᠵᠢᠭᠤᠯᠤᠨ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠲᠠᠷᠬᠠᠭᠠᠭᠰᠠᠨ〔2020〕10 ᠳ᠋ᠤᠭᠠᠷ ᠲᠣᠭᠠᠲᠤ︶ ᠎ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠮᠠᠨ ᠤ ᠬᠤᠲᠠ ᠶᠢᠨ ᠪᠣᠳᠠᠲᠠᠶ ᠎ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃     ᠨᠢᠭᠡ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠪᠠᠨ ᠥᠷᠭᠡᠳᠬᠡᠬᠦ ᠶᠢ ᠳᠡᠮᠵᠢᠬᠦ ᠬᠡᠷᠡᠭᠲᠡᠶ᠃ ᠵᠢᠯ ᠤᠨ ᠥᠪᠡᠰᠦᠪᠡᠨ ᠡᠵᠡᠩᠨᠡᠵᠦ ᠭᠠᠳᠠᠭᠠᠳᠤ ᠭᠠᠷᠭᠠᠯᠲᠠ ᠶᠢᠨ ᠲᠤᠭ᠎ᠠ ᠨᠢ ᠵᠣᠬᠢᠬᠤ ᠬᠡᠪᠴᠢᠶ᠎ᠡ ᠳᠤ ᠬᠦᠷᠦᠭᠰᠡᠨ ᠪᠥᠭᠡᠳ ᠵᠣᠬᠢᠬᠤ ᠨᠡᠮᠡᠭᠳᠡᠯ ᠤᠨ ᠬᠤᠷᠳᠤᠴᠠ ᠶᠢ ᠬᠠᠩᠭᠠᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠵᠣᠬᠢᠬᠤ ᠱᠠᠩᠨᠠᠯ ᠣᠯᠭᠤᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ ᠦᠢᠯᠡᠳᠪᠦᠷᠢᠯᠡᠯ ᠤᠨ ᠬᠡᠯᠪᠡᠷᠢ ᠶᠢᠨ ᠠᠵᠤ ᠠᠬᠤᠶᠢᠯᠠᠯ ᠠᠩᠬ᠎ᠠ ᠤᠳᠠᠭ᠎ᠠ ᠭᠠᠳᠠᠭᠠᠳᠤ ᠎ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠣᠳᠠᠲᠤ ᠠᠮᠵᠢᠯᠲᠠ ᠣᠯᠤᠭᠰᠠᠨ ᠪᠥᠭᠡᠳ ᠭᠠᠳᠠᠭᠠᠳᠤ ᠎ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 100 ᠲᠦᠮᠡᠨ ᠲᠥᠭᠦᠷᠢᠭ ᠠᠴᠠ ᠳᠠᠪᠠᠭᠰᠠᠨ ︵ᠲᠣᠰ ᠲᠤᠭ᠎ᠠ ᠶᠢ ᠪᠠᠭᠲᠠᠭᠠᠨ᠎ᠠ᠂ ᠳᠣᠷᠣᠭᠰᠢ ᠠᠳᠠᠯᠢ︶ ᠪᠠᠶᠢᠵᠤ ᠂ ᠵᠣᠬᠢᠬᠤ ᠲᠥᠬᠦᠭᠡᠷᠦᠮᠵᠢ ᠶᠢ ᠰᠢᠨᠡᠳᠬᠡᠵᠦ ᠬᠤᠳᠠᠯᠳᠤᠨ ᠠᠪᠤᠭᠰᠠᠨ ᠨᠥᠬᠦᠪᠥᠷᠢ ᠣᠯᠭᠤᠵᠤ᠂ ᠬᠠᠮᠤᠭ ᠤᠨ ᠥᠨᠳᠥᠷ ᠎ ᠲᠡᠭᠡᠨ 50 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠠᠵᠤ ᠠᠬᠤᠶᠢᠯᠠᠯ ᠭᠠᠳᠠᠷ ᠣᠷᠣᠨ ᠤ ᠣᠷᠣᠯᠠᠨ ᠭᠠᠷᠭᠠᠵᠤ ᠪᠠᠶᠢᠭ᠎ᠠ ᠭᠠᠳᠠᠭᠠᠳᠤ ᠭᠠᠷᠭᠠᠯᠲᠠ ᠶᠢ ᠲᠤᠰ ᠭᠠᠵᠠᠷ ᠤᠨ ᠥᠪᠡᠷ ᠢᠶᠠᠨ ᠡᠵᠡᠩᠨᠡᠵᠦ ᠪᠠᠶᠢᠭ᠎ᠠ ᠭᠠᠳᠠᠭᠠᠳᠤ ᠭᠠᠷᠭᠠᠯᠲᠠ ᠶᠢᠨ ᠶᠡᠷᠦᠩᠬᠡᠶ ᠲᠤᠭ᠎ᠠ ᠨᠢ 500 ᠲᠦᠮᠡᠨ ᠲᠥᠭᠦᠷᠢᠭ ᠎ ᠠᠴᠠ ᠳᠡᠭᠡᠭᠰᠢ ᠪᠣᠯᠤᠭᠰᠠᠨ ᠪᠠᠶᠢᠪᠠᠯ᠂ ᠵᠣᠬᠢᠬᠤ ᠱᠠᠩᠨᠠᠯ ᠣᠯᠭᠤᠵᠤ᠂ ᠬᠠᠮᠤᠭ ᠤᠨ ᠥᠨᠳᠥᠷ ᠱᠠᠩᠨᠠᠯ ᠎ ᠢ 50 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃     ᠬᠤᠶᠠᠷ᠂ ᠦᠢᠯᠡᠳᠪᠦᠷᠢᠯᠡᠯ ᠤᠨ ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠎ ᠢ ᠢᠳᠡᠪᠬᠢᠲᠡᠶ ᠣᠷᠣᠭᠤᠯᠬᠤ ᠬᠡᠷᠡᠭᠲᠡᠶ᠃ ᠬᠤᠲᠠ ᠶᠢᠨ ᠭᠠᠳᠠᠨ᠎ᠠ ᠠᠴᠠ ᠰᠢᠨ᠎ᠡ ᠪᠠᠷ ᠣᠷᠣᠭᠤᠯᠤᠨ ᠠᠪᠴᠢᠷᠠᠭᠰᠠᠨ ᠦᠢᠯᠡᠳᠪᠦᠷᠢᠯᠡᠯ ᠤᠨ ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠭᠰᠠᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 1 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠪᠠᠯ᠂ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠵᠤ᠂ ᠡᠭᠦᠨ ᠤ ᠰᠠᠭᠤᠷᠢᠨ ᠳᠡᠭᠡᠷ᠎ᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠶᠢ 1 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠦᠷᠢ 10 ᠲᠦᠮᠡᠨ ᠲᠥᠭᠦᠷᠢᠭ ᠱᠠᠩᠨᠠᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃     ᠭᠤᠷᠪᠠ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠳᠡᠮᠵᠢᠬᠦ ᠬᠡᠷᠡᠭᠲᠡᠢ᠃ ᠪᠤᠴᠠᠬᠤ ᠡᠭᠡᠯᠵᠢ ᠶᠢᠨ ᠭᠠᠯᠲᠤ ᠲᠡᠷᠭᠡ ᠨᠢ ᠲᠦᠭᠦᠬᠡᠢ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠶᠢᠨ ᠬᠠᠮᠲᠤ ᠮᠠᠨ ᠤ ᠬᠤᠲᠠ ᠳᠤ ᠪᠣᠳᠠᠲᠠᠶᠢᠵᠢᠭᠤᠯᠤᠨ ᠪᠣᠯᠪᠠᠰᠤᠷᠠᠭᠤᠯᠵᠤ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠦᠭᠰᠡᠨ ᠠᠵᠤ ᠠᠬᠤᠶᠢᠯᠠᠯ ᠳᠤ 5000 ᠲᠥᠭᠦᠷᠢᠭ / 40 ᠳᠤᠬᠤᠢ ᠴᠢᠩᠭᠡᠯᠢᠭ ᠤᠨ ᠪᠠᠷᠢᠮᠵᠢᠶ᠎ᠠ ᠶᠣᠰᠣᠭᠠᠷ ᠨᠥᠬᠦᠪᠥᠷᠢ ᠣᠯᠭᠤᠨ᠎ᠠ᠃ ᠳᠤᠮᠳᠠᠳᠤ ᠧᠦ᠋ᠷᠣᠫᠠ ︵ᠳᠤᠮᠳᠠᠳᠤ ᠠᠽᠢᠶ᠎ᠠ︶᠎ ᠶᠢᠨ ᠡᠭᠡᠯᠵᠢ ᠶᠢᠨ ᠭᠠᠯᠲᠤ ᠲᠡᠷᠭᠡ ︵ ᠤᠯᠠᠭᠠᠨᠬᠠᠳᠠ︶᠎ ᠶᠢ ᠠᠰᠢᠭᠯᠠᠨ ᠭᠠᠷ ᠳᠠᠮᠵᠢᠭᠰᠠᠨ ᠮᠠᠰᠢᠨ ᠲᠡᠷᠭᠡ ᠎ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ ᠠᠵᠤ ᠠᠬᠤᠶᠢᠯᠠᠯ ᠎ ᠳᠤ 2000 ᠲᠣᠬᠤᠶ ᠴᠢᠩᠭᠡᠯᠢᠭ ᠤᠨ ᠪᠠᠷᠢᠮᠵᠢᠶ᠎ᠠ ᠪᠠᠷ ᠨᠥᠬᠦᠪᠥᠷᠢ ᠥᠭᠴᠦ᠂ ᠭᠠᠭᠴᠠ ᠠᠵᠤ ᠠᠬᠤᠶᠢᠯᠠᠯ ᠤᠨ ᠨᠥᠬᠦᠪᠥᠷᠢ ᠶᠢᠨ ᠵᠣᠭᠤᠰ ᠤᠨ ᠲᠤᠭ᠎ᠠ ᠶᠢ ᠵᠢᠯ ᠪᠦᠷᠢ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃     ᠳᠥᠷᠪᠡ᠂ ᠠᠵᠤ ᠠᠬᠤᠶᠢᠯᠠᠯ ᠤᠨ ᠪᠠᠷᠠᠭ᠎ᠠ ᠶᠢᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠶᠢ ᠲᠡᠳᠬᠦᠬᠦ ᠬᠡᠷᠡᠭᠲᠡᠶ ᠃ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠬᠥᠭᠵᠢᠭᠦᠯᠬᠦ ᠪᠠᠷ ᠭᠠᠷᠳᠠᠴᠠ ᠪᠣᠯᠭᠠᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠩᠭᠢᠯᠠᠭ᠎ᠠ ᠶᠢᠨ ᠡᠵᠡᠩᠨᠡᠯᠲᠡ ᠶᠢᠨ ᠦᠢᠯᠡᠴᠢᠯᠡᠭᠡᠨ ᠤ ᠴᠢᠨᠠᠷᠲᠠᠶ ᠠᠵᠤ ᠠᠬᠤᠶᠢᠯᠠᠯ ᠢ ᠳᠡᠮᠵᠢᠵᠦ ᠪᠠᠶᠢᠭᠠᠳ ︽ᠵᠠᠰᠠᠮᠠᠯ ᠵᠠᠮ ᠢ ᠲᠡᠮᠦᠷ ᠵᠠᠮ ᠢᠶᠠᠷ ᠲᠡᠬᠡᠬᠡᠪᠦᠷᠢᠯᠡᠬᠦ︾ ᠪᠤᠶᠤ ︽ᠵᠠᠰᠠᠮᠠᠯ ᠵᠠᠮ ᠲᠡᠮᠦᠷ ᠵᠠᠮ ᠲᠡᠯᠡᠶ ᠲᠡᠯᠡᠶ ᠬᠤᠯᠪᠣᠭᠠᠯᠠᠨ ᠲᠡᠭᠡᠭᠡᠪᠦᠷᠢᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠰᠠᠷ᠎ᠠ ᠶᠢᠨ ᠳᠤᠮᠳᠠᠴᠢ ᠲᠡᠭᠡᠭᠡᠪᠦᠷᠢᠯᠡᠬᠦ ᠬᠡᠮᠵᠢᠶ᠎ᠡ ᠎ ᠶᠢ 60TEU᠎ ᠠᠴᠠ ᠳᠤᠲᠠᠭᠤ ᠪᠠᠶᠢᠯᠭᠠᠵᠤ ᠪᠣᠯᠬᠤ ᠦᠭᠡᠢ ᠪᠠᠶᠢᠪᠠᠯ᠂ 1500 ᠲᠥᠭᠦᠷᠢᠭ / 20 ᠲᠣᠬᠤᠢ᠂ 2800 ᠲᠥᠭᠦᠷᠢᠭ / 40 ᠲᠤᠬᠤᠢ ᠬᠠᠶᠢᠷᠴᠠᠭ ᠤᠨ ᠪᠠᠷᠢᠮᠵᠢᠶ᠎ᠠ ᠪᠠᠷ ᠨᠥᠬᠦᠪᠥᠷᠢ ᠎ ᠶᠢᠨ ᠳᠡᠮᠵᠢᠯᠭᠡ ᠦᠵᠡᠭᠦᠯᠦᠨ᠎ᠡ᠃ᠲᠠᠪᠤ ᠂ ᠪᠣᠭᠤᠮᠲᠠ ᠶᠢᠨ ᠲᠠᠯᠠᠪᠤᠷ ᠭᠠᠵᠠᠷ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠨ᠎ᠡ᠃ ᠤᠯᠠᠭᠠᠨᠬᠠᠳᠠ ᠪᠣᠭᠤᠮᠲᠠ ᠵᠢᠴᠢ ᠬᠢᠨᠠᠨ ᠬᠠᠮᠢᠶᠠᠷᠬᠤ ᠲᠠᠯᠠᠪᠤᠷ ᠭᠠᠵᠠᠷ ᠤᠨ ᠡᠵᠡᠩᠨᠡᠯᠲᠡ ᠦᠢᠯᠡᠴᠢᠯᠡᠭᠡᠨ ᠤ ᠴᠢᠨᠠᠷᠲᠠᠶ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠨᠢ ᠪᠣᠭᠤᠮᠲᠠ ᠪᠠᠷ ᠥᠩᠭᠡᠷᠡᠬᠦ ᠴᠠᠭ ᠢ ᠪᠣᠭᠤᠨᠢᠰᠬᠠᠬᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠲᠥᠷᠥᠯ ᠵᠦᠢᠯ ᠳᠤ ᠪᠣᠳᠠᠲᠠᠶ ᠵᠠᠷᠤᠯᠭ᠎ᠠ ᠶᠢᠨ ᠵᠣᠭᠤᠰ ᠤᠨ ᠲᠤᠭ᠎ᠠ ᠶᠢ ᠦᠨᠳᠦᠰᠦᠯᠡᠨ ᠬᠠᠮᠤᠭ ᠤᠨ ᠥᠨᠳᠥᠷ ᠲᠡᠭᠡᠨ 30%᠎ ᠶᠢᠨ ᠬᠠᠷᠢᠴᠠᠯ ᠠᠴᠠ ᠳᠠᠪᠠᠭᠤᠯᠬᠤ ᠥᠬᠡᠶ ᠳᠡᠮᠵᠢᠯᠭᠡ ᠦᠵᠡᠭᠦᠯᠵᠦ᠂ ᠲᠠᠩ ᠭᠠᠭᠴᠠ ᠲᠥᠷᠥᠯ ᠵᠦᠢᠯ ᠤᠨ ᠳᠡᠮᠵᠢᠯᠭᠡ ᠶᠢᠨ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠎ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ       ᠵᠢᠷᠭᠤᠭ᠎ᠠ᠂ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠳᠡᠮᠵᠢᠬᠦ ᠬᠡᠷᠡᠭᠲᠡᠶ᠃ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠬᠢᠯᠢ ᠶᠢᠨ ᠳᠣᠲᠣᠷᠠᠬᠢ ᠭᠠᠳᠠᠭᠠᠳᠤ ᠦᠵᠡᠭᠦᠯᠦᠯᠭᠡ ᠪᠠ ᠵᠥᠪᠳᠡᠯᠴᠡᠭᠡ ᠬᠢᠬᠦ ᠠᠵᠢᠯᠯᠠᠭ᠎ᠠ ᠳᠤ ᠣᠷᠣᠯᠴᠠᠵᠤ᠂ ᠠᠵᠤ ᠠᠬᠤᠶᠢᠯᠠᠯ ᠳᠤ 70%᠎ ᠶᠢᠨ ᠦᠵᠡᠭᠦᠯᠦᠯᠭᠡ ᠶᠢᠨ ᠪᠠᠶᠢᠷᠢ ᠶᠢᠨ ᠰᠦᠢᠳᠬᠡᠯ ᠤᠨ ᠨᠥᠬᠦᠪᠥᠷᠢ ᠣᠯᠭᠤᠵᠤ᠂ ᠭᠠᠭᠴᠠ ᠵᠦᠢᠯ ᠤᠨ ᠬᠢᠯᠢ ᠶᠢᠨ ᠭᠠᠳᠠᠨᠠᠬᠢ ᠦᠵᠡᠰᠬᠦᠯᠡᠩ ᠨᠢ 2 ᠲᠦᠮᠡᠨ ᠲᠥᠭᠦᠷᠢᠭ ᠢ ᠳᠠᠪᠠᠭᠤᠯᠬᠤ ᠦᠭᠡᠶ᠂ ᠬᠢᠯᠢ ᠎ ᠶᠢᠨ ᠳᠣᠲᠣᠷᠠᠬᠢ ᠦᠵᠡᠰᠬᠦᠯᠡᠩ ᠨᠢ 1 ᠲᠦᠮᠡᠨ ᠲᠥᠭᠦᠷᠢᠭ ᠢ ᠳᠠᠪᠠᠭᠤᠯᠬᠤ ᠦᠭᠡᠶ᠃ ᠠᠵᠤ ᠠᠬᠤᠶᠢᠯᠠᠯ ᠎ ᠤᠨ ᠢᠲᠡᠭᠡᠮᠵᠢ ᠶᠢ ᠪᠤᠶᠢᠵᠢᠭᠤᠯᠬᠤ ᠶᠢ ᠴᠢᠩᠭᠠᠳᠬᠠᠵᠤ᠂ ᠲᠤᠬᠠᠶ ᠶᠢᠨ ᠵᠢᠯ ᠳᠤ AEO ᠪᠣᠭᠤᠮᠲᠠ ᠎ ᠶᠢᠨ ᠳᠡᠭᠡᠳᠦ ᠵᠡᠷᠭᠡ ᠶᠢᠨ ᠭᠡᠷᠡᠴᠢᠯᠡᠯ ᠣᠯᠤᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠱᠠᠩᠨᠠᠨ᠎ᠠ᠃ᠳᠣᠯᠤᠭ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠪᠣᠭᠤᠮᠲᠠ ᠳᠤ ᠮᠡᠳᠡᠭᠦᠯᠵᠦ ᠪᠠᠶᠢᠴᠠᠭᠠᠯᠭᠠᠬᠤ᠂ ᠪᠠᠷᠠᠭᠠᠨ ᠤ ᠭᠦᠢᠯᠭᠡᠭᠡ᠂ ᠳ᠋ᠦᠩᠨᠡᠨ ᠪᠤᠳᠤᠬᠤ᠂ ᠢᠲᠡᠭᠡᠮᠵᠢ ᠶᠢᠨ ᠳᠠᠭᠠᠳᠬᠠᠯ᠂ ᠪᠡᠯᠡ ᠲᠣᠬᠢᠷᠠᠭᠤᠯᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ ᠥᠪᠡᠷᠲᠡᠭᠡᠨ ᠵᠠᠰᠠᠬᠤ ᠣᠷᠣᠨ ᠤ ᠲᠡᠰ ᠤᠨ ᠮᠠᠭᠠᠳᠯᠠᠨ ᠲᠣᠭᠲᠠᠭᠠᠭᠰᠠᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃     ᠨᠠᠢᠮᠠ᠂ ᠭᠠᠳᠠᠭᠠᠳᠤ ᠪᠡᠯᠡ ᠶᠢ ᠣᠷᠣᠭᠤᠯᠬᠤ ᠪᠠ ᠠᠰᠢᠭᠯᠠᠬᠤ ᠶᠢ ᠳᠡᠮᠵᠢᠨ᠎ᠡ᠃ ᠲᠤᠬᠠᠶ ᠎ ᠶᠢᠨ ᠵᠢᠯ ᠳᠤ ᠰᠢᠨ᠎ᠡ ᠪᠠᠷ ᠪᠠᠶᠢᠭᠤᠯᠤᠭᠰᠠᠨ ᠪᠤᠶᠤ ᠨᠡᠮᠡᠭᠳᠡᠭᠰᠡᠨ ᠪᠡᠯᠡ ︵ᠠᠰᠢᠭ ᠬᠤᠨᠵᠢᠪᠣᠷᠢ ᠶᠢᠨ ᠳᠠᠬᠢᠨ ᠪᠡᠯᠡ ᠣᠷᠣᠭᠤᠯᠤᠯᠲᠠ ᠪᠠᠭᠲᠠᠨ᠎ᠠ︶᠎ ᠶᠢᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠎ ᠤ ᠬᠢᠷᠢ ᠭᠡᠮ ᠢ ᠪᠦᠷᠢᠯᠳᠦᠭᠦᠯᠦᠭᠰᠡᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ︵ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠦᠢᠯᠡᠰ᠂ ᠮᠥᠩᠭᠦᠨ ᠭᠦᠢᠯᠭᠡᠭᠡᠨ ᠎ ᠤ ᠦᠢᠯᠡᠰ᠂ ᠲᠥᠷᠥᠯ ᠤᠨ ᠮᠥᠩᠭᠦᠨ ᠭᠦᠢᠯᠭᠡᠭᠡᠨ ᠤ ᠦᠢᠯᠡᠰ ᠤᠨ ᠲᠥᠷᠥᠯ ᠵᠦᠢᠯ ᠪᠠᠭᠲᠠᠬᠤ ᠦᠭᠡᠶ ︶ ᠮᠥᠷᠲᠡᠭᠡᠨ ᠪᠡᠯᠡ ᠮᠥᠩᠭᠦ ᠶᠢ ᠨᠢ ᠭᠤᠤᠯᠳᠠᠭᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠤᠭᠰᠠᠨ ᠪᠤᠶᠤ ᠥᠭᠡᠷᠡᠴᠢᠯᠡᠨ ᠳᠡᠰ ᠳᠡᠪᠰᠢᠭᠦᠯᠬᠦ᠂ ᠰᠢᠨ᠎ᠡ ᠦᠢᠯᠡᠳᠬᠦᠨ ᠰᠤᠳᠤᠯᠤᠨ ᠨᠡᠭᠡᠭᠡᠬᠦ᠂ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠭᠰᠡᠨ ᠪᠣᠯ᠂ ᠲᠤᠬᠠᠶ ᠶᠢᠨ ᠵᠢᠯ ᠤᠨ ᠪᠣᠳᠠᠲᠠᠶ ᠠᠰᠢᠭᠯᠠᠭᠰᠠᠨ ᠭᠠᠳᠠᠭᠠᠳᠤ ᠪᠡᠯᠡ ᠶᠢᠨ ᠵᠣᠭᠤᠰ ᠤᠨ ᠲᠤᠭ᠎ᠠ ᠶᠢᠨ ᠪᠠᠶᠢᠳᠠᠯ ᠢᠶᠠᠷ ᠨᠢ ᠵᠣᠬᠢᠬᠤ ᠱᠠᠩᠨᠠᠯ ᠣᠯᠭᠤᠵᠤ᠂ ᠭᠠᠭᠴᠠ ᠠᠵᠤ ᠠᠬᠤᠶᠢᠯᠠᠯ ᠤᠨ ᠱᠠᠩᠨᠠᠯ ᠤᠨ ᠵᠣᠭᠤᠰ ᠤᠨ ᠲᠤᠭ᠎ᠠ ᠪᠠᠷ ᠬᠠᠮᠤᠭ ᠤᠨ ᠥᠨᠳᠥᠷ ᠨᠢ 1000 ᠲᠦᠮᠡᠨ ᠲᠥᠭᠦᠷᠢᠭ ᠪᠣᠯᠤᠨ᠎ᠠ᠃ ᠪᠥᠬᠦ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠠᠵᠤ ᠦᠢᠯᠡᠰ ᠤᠨ ᠬᠥᠭᠵᠢᠯᠲᠡ ᠳᠤ ᠴᠢᠬᠤᠯᠠ ᠶᠡᠭᠡ ᠳᠠᠶᠢᠴᠢᠯᠠᠬᠤ ᠦᠢᠯᠡᠳᠦᠯ ᠲᠠᠢ ᠪᠥᠭᠡᠳ ᠡᠳ᠋ ᠤᠨ ᠵᠠᠰᠠᠭ ᠲᠤ ᠦᠷᠭᠦᠯᠵᠢᠯᠡᠨ ᠬᠤᠪᠢ ᠨᠡᠮᠡᠷᠢ ᠦᠵᠡᠭᠦᠯᠬᠦ ᠨᠣᠷᠮ᠎ᠠ ᠪᠠᠷ ᠶᠡᠭᠡ ᠭᠠᠳᠠᠭᠠᠳᠤ ᠪᠡᠯᠡ ᠶᠢᠨ ᠲᠥᠷᠥᠯ ᠵᠦᠢᠯ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠭᠤᠤᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃      ᠲᠣᠰ ᠲᠥᠷᠥ ᠶᠢᠨ ᠪᠣᠳᠣᠯᠭ᠎ᠠ ᠶᠢ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠎ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠵᠤ᠂ 2024 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2025 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠬᠤᠯᠪᠣᠭᠳᠠᠬᠤ ᠱᠠᠩᠨᠠᠯ ᠤᠨ ᠪᠠᠯᠠ ᠮᠥᠩᠭᠦ ᠎ ᠶᠢ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠠᠴᠠ ᠭᠠᠳᠠᠨ᠎ᠠ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠬᠤᠶᠠᠷ ᠱᠠᠲᠤᠨ ᠠᠴᠠ 8᠄ 2 ᠬᠠᠮᠲᠤ ᠶᠢᠨ ᠬᠤᠪᠢᠶᠠᠨ ᠡᠭᠦᠷᠭᠡᠯᠡᠵᠦ᠂ ᠪᠣᠳᠠᠲᠠᠶ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠵᠦᠭᠯᠡᠭᠦᠷ ᠢ ᠬᠤᠲᠠ ᠶᠢᠨ ᠬᠤᠳᠠᠯᠳᠤᠭᠠᠨ ᠤ ᠶᠠᠪᠤᠳᠠᠯ ᠎ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠠᠰ ᠲᠤᠨᠢ ᠲᠣᠭᠲᠠᠭᠠᠨ᠎ᠠ᠃  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ