| | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠤᠯᠠᠭᠠᠨᠬᠠᠳᠠ ᠵᠠᠰᠠᠭ ᠲᠠᠷᠬᠠᠭᠠᠭᠰᠠᠨ〔2020〕9 ᠳ᠋ᠤᠬᠡᠷ ᠲᠣᠭᠠᠲᠤ | | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠳᠤ᠄ | ᠡᠳᠦᠭᠡ ︽ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠠᠬᠢᠭᠤᠯᠬᠤ ᠠᠷᠭ᠎ᠠ ᠬᠡᠮᠵᠢᠶ᠎ᠡ ᠨᠦᠭᠦᠳ ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃ | | ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 6 ᠰᠠᠷ᠎ᠠ ᠶᠢᠨ 13 ᠤ ᠡᠳᠦᠷ | | ︵ ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ ︶ | | ᠤᠯᠠᠭᠠᠨᠬᠠᠳᠠ ᠬᠤᠲᠠ ᠶᠢᠨ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ | | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠥᠬᠦ ᠬᠦᠴᠦᠨ ᠢᠶᠠᠷ ᠢᠶᠠᠨ | ᠰᠠᠶᠢᠲᠤᠷ ᠬᠢᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠦᠷᠭᠡᠳᠬᠡᠨ ᠪᠠᠶᠢᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ〔2020〕16 ᠳ᠋ᠤᠭᠠᠷ ᠲᠣᠭᠠᠲᠤ︶ ᠪᠣᠯᠤᠨ ︽ᠭᠠᠳᠠᠭᠠᠳᠤ ᠠᠷᠠᠯᠵᠢᠶᠠᠨ ᠤ | ᠬᠡᠪᠴᠢᠶ᠎ᠡ ᠶᠢ ᠲᠣᠭᠲᠠᠪᠤᠷᠢᠵᠢᠭᠤᠯᠤᠨ ᠪᠦᠲᠦᠴᠡ ᠶᠢ ᠰᠢᠯᠢᠳᠡᠭᠵᠢᠭᠦᠯᠬᠦ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠠᠨᠠᠯ︾ ︵ᠲᠥᠷᠥ ᠲᠠᠷᠬᠠᠭᠠᠭᠰᠠᠨ〔2020〕10 ᠳ᠋ᠤᠭᠠᠷ ᠲᠣᠭᠠᠲᠤ︶ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠮᠠᠨ ᠤ | ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠪᠠᠨ ᠥᠷᠭᠡᠳᠬᠡᠬᠦ ᠶᠢ ᠳᠡᠮᠵᠢᠬᠦ ᠬᠡᠷᠡᠭᠲᠡᠶ᠃ ᠵᠢᠯ ᠤᠨ | ᠥᠪᠡᠰᠦᠪᠡᠨ ᠡᠵᠡᠩᠨᠡᠵᠦ ᠭᠠᠳᠠᠭᠠᠳᠤ ᠭᠠᠷᠭᠠᠯᠲᠠ ᠶᠢᠨ ᠲᠤᠭ᠎ᠠ ᠨᠢ ᠵᠣᠬᠢᠬᠤ ᠬᠡᠪᠴᠢᠶ᠎ᠡ ᠳᠤ ᠬᠦᠷᠦᠭᠰᠡᠨ ᠪᠥᠭᠡᠳ ᠵᠣᠬᠢᠬᠤ ᠨᠡᠮᠡᠭᠳᠡᠯ ᠤᠨ ᠬᠤᠷᠳᠤᠴᠠ ᠶᠢ | ᠬᠠᠩᠭᠠᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠵᠣᠬᠢᠬᠤ ᠱᠠᠩᠨᠠᠯ ᠣᠯᠭᠤᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ | ᠬᠡᠲᠦᠷᠡᠭᠦᠯᠵᠦ ᠪᠣᠯᠬᠤ ᠥᠬᠡᠶ᠃ ᠦᠢᠯᠡᠳᠪᠦᠷᠢᠯᠡᠯ ᠤᠨ ᠬᠡᠯᠪᠡᠷᠢ ᠶᠢᠨ ᠠᠵᠤ ᠠᠬᠤᠶᠢᠯᠠᠯ ᠠᠩᠬ᠎ᠠ ᠤᠳᠠᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠪᠣᠳᠠᠲᠤ ᠠᠮᠵᠢᠯᠲᠠ ᠣᠯᠤᠭᠰᠠᠨ ᠪᠥᠭᠡᠳ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 100 ᠲᠦᠮᠡᠨ ᠲᠥᠭᠦᠷᠢᠭ ᠠᠴᠠ | ᠳᠠᠪᠠᠭᠰᠠᠨ ︵ᠲᠣᠰ ᠲᠤᠭ᠎ᠠ ᠶᠢ ᠪᠠᠭᠲᠠᠭᠠᠨ᠎ᠠ᠂ ᠳᠣᠷᠣᠭᠰᠢ ᠠᠳᠠᠯᠢ︶ ᠪᠠᠶᠢᠵᠤ ᠂ ᠵᠣᠬᠢᠬᠤ ᠲᠥᠬᠦᠭᠡᠷᠦᠮᠵᠢ ᠶᠢ ᠰᠢᠨᠡᠳᠬᠡᠵᠦ ᠬᠤᠳᠠᠯᠳᠤᠨ ᠠᠪᠤᠭᠰᠠᠨ ᠨᠥᠬᠦᠪᠥᠷᠢ | ᠣᠯᠭᠤᠵᠤ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠠᠵᠤ ᠠᠬᠤᠶᠢᠯᠠᠯ ᠭᠠᠳᠠᠷ ᠣᠷᠣᠨ ᠤ ᠣᠷᠣᠯᠠᠨ ᠭᠠᠷᠭᠠᠵᠤ | ᠪᠠᠶᠢᠭ᠎ᠠ ᠭᠠᠳᠠᠭᠠᠳᠤ ᠭᠠᠷᠭᠠᠯᠲᠠ ᠶᠢ ᠲᠤᠰ ᠭᠠᠵᠠᠷ ᠤᠨ ᠥᠪᠡᠷ ᠢᠶᠠᠨ ᠡᠵᠡᠩᠨᠡᠵᠦ ᠪᠠᠶᠢᠭ᠎ᠠ ᠭᠠᠳᠠᠭᠠᠳᠤ ᠭᠠᠷᠭᠠᠯᠲᠠ ᠶᠢᠨ ᠶᠡᠷᠦᠩᠬᠡᠶ ᠲᠤᠭ᠎ᠠ ᠨᠢ 500 ᠲᠦᠮᠡᠨ | ᠲᠥᠭᠦᠷᠢᠭ ᠠᠴᠠ ᠳᠡᠭᠡᠭᠰᠢ ᠪᠣᠯᠤᠭᠰᠠᠨ ᠪᠠᠶᠢᠪᠠᠯ᠂ ᠵᠣᠬᠢᠬᠤ ᠱᠠᠩᠨᠠᠯ ᠣᠯᠭᠤᠵᠤ᠂ ᠬᠠᠮᠤᠭ ᠤᠨ ᠥᠨᠳᠥᠷ ᠱᠠᠩᠨᠠᠯ ᠢ 50 ᠲᠦᠮᠡᠨ ᠲᠥᠭᠦᠷᠢᠭ ᠠᠴᠠ ᠬᠡᠲᠦᠷᠡᠭᠦᠯᠵᠦ | ᠪᠣᠯᠬᠤ ᠦᠭᠡᠶ᠃ | ᠬᠤᠶᠠᠷ᠂ ᠦᠢᠯᠡᠳᠪᠦᠷᠢᠯᠡᠯ ᠤᠨ ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠢᠳᠡᠪᠬᠢᠲᠡᠶ ᠣᠷᠣᠭᠤᠯᠬᠤ ᠬᠡᠷᠡᠭᠲᠡᠶ᠃ ᠬᠤᠲᠠ ᠶᠢᠨ | ᠭᠠᠳᠠᠨ᠎ᠠ ᠠᠴᠠ ᠰᠢᠨ᠎ᠡ ᠪᠠᠷ ᠣᠷᠣᠭᠤᠯᠤᠨ ᠠᠪᠴᠢᠷᠠᠭᠰᠠᠨ ᠦᠢᠯᠡᠳᠪᠦᠷᠢᠯᠡᠯ ᠤᠨ ᠬᠡᠯᠪᠡᠷᠢ ᠶᠢᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠣᠷᠣᠭᠤᠯᠤᠨ | ᠠᠪᠴᠢᠷᠠᠭᠰᠠᠨ ᠡᠳᠦᠷ ᠠᠴᠠ ᠡᠬᠢᠯᠡᠨ ᠨᠢᠭᠡ ᠵᠢᠯ ᠤᠨ ᠳᠣᠲᠣᠷ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠨᠢ 1 ᠳ᠋ᠦᠩᠰᠢᠭᠤᠷ | ᠲᠥᠭᠦᠷᠢᠭ ᠲᠤ ᠬᠦᠷᠦᠭᠰᠡᠨ ᠪᠠᠶᠢᠪᠠᠯ᠂ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠢᠶᠠᠷ ᠱᠠᠩᠨᠠᠵᠤ᠂ ᠡᠭᠦᠨ ᠤ ᠰᠠᠭᠤᠷᠢᠨ ᠳᠡᠭᠡᠷ᠎ᠡ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ ᠶᠢ 1 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠦᠷᠢ 10 ᠲᠦᠮᠡᠨ ᠲᠥᠭᠦᠷᠢᠭ ᠱᠠᠩᠨᠠᠵᠤ᠂ ᠬᠠᠮᠤᠭ ᠤᠨ | ᠥᠨᠳᠥᠷ ᠲᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ | ᠭᠤᠷᠪᠠ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠳᠡᠮᠵᠢᠬᠦ | ᠬᠡᠷᠡᠭᠲᠡᠢ᠃ ᠪᠤᠴᠠᠬᠤ ᠡᠭᠡᠯᠵᠢ ᠶᠢᠨ ᠭᠠᠯᠲᠤ ᠲᠡᠷᠭᠡ ᠨᠢ ᠲᠦᠭᠦᠬᠡᠢ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠶᠢᠨ ᠬᠠᠮᠲᠤ ᠮᠠᠨ ᠤ ᠬᠤᠲᠠ ᠳᠤ | ᠪᠣᠳᠠᠲᠠᠶᠢᠵᠢᠭᠤᠯᠤᠨ ᠪᠣᠯᠪᠠᠰᠤᠷᠠᠭᠤᠯᠵᠤ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠦᠭᠰᠡᠨ ᠠᠵᠤ ᠠᠬᠤᠶᠢᠯᠠᠯ ᠳᠤ 5000 ᠲᠥᠭᠦᠷᠢᠭ / 40 ᠳᠤᠬᠤᠢ | ᠴᠢᠩᠭᠡᠯᠢᠭ ᠤᠨ ᠪᠠᠷᠢᠮᠵᠢᠶ᠎ᠠ ᠶᠣᠰᠣᠭᠠᠷ ᠨᠥᠬᠦᠪᠥᠷᠢ ᠣᠯᠭᠤᠨ᠎ᠠ᠃ ᠳᠤᠮᠳᠠᠳᠤ ᠧᠦ᠋ᠷᠣᠫᠠ ︵ᠳᠤᠮᠳᠠᠳᠤ ᠠᠽᠢᠶ᠎ᠠ︶ ᠶᠢᠨ ᠡᠭᠡᠯᠵᠢ ᠶᠢᠨ ᠭᠠᠯᠲᠤ ᠲᠡᠷᠭᠡ ︵ | ᠤᠯᠠᠭᠠᠨᠬᠠᠳᠠ︶ ᠶᠢ ᠠᠰᠢᠭᠯᠠᠨ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ ᠠᠵᠤ | ᠠᠬᠤᠶᠢᠯᠠᠯ ᠳᠤ 2000 ᠲᠣᠬᠤᠶ ᠴᠢᠩᠭᠡᠯᠢᠭ ᠤᠨ ᠪᠠᠷᠢᠮᠵᠢᠶ᠎ᠠ ᠪᠠᠷ ᠨᠥᠬᠦᠪᠥᠷᠢ ᠥᠭᠴᠦ᠂ ᠭᠠᠭᠴᠠ ᠠᠵᠤ ᠠᠬᠤᠶᠢᠯᠠᠯ ᠤᠨ ᠨᠥᠬᠦᠪᠥᠷᠢ ᠶᠢᠨ ᠵᠣᠭᠤᠰ ᠤᠨ | ᠲᠤᠭ᠎ᠠ ᠶᠢ ᠵᠢᠯ ᠪᠦᠷᠢ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠳᠥᠷᠪᠡ᠂ ᠠᠵᠤ ᠠᠬᠤᠶᠢᠯᠠᠯ ᠤᠨ ᠪᠠᠷᠠᠭ᠎ᠠ ᠶᠢᠨ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠶᠢ ᠲᠡᠳᠬᠦᠬᠦ ᠬᠡᠷᠡᠭᠲᠡᠶ ᠃ ᠣᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢ ᠬᠥᠭᠵᠢᠭᠦᠯᠬᠦ ᠪᠠᠷ ᠭᠠᠷᠳᠠᠴᠠ ᠪᠣᠯᠭᠠᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠩᠭᠢᠯᠠᠭ᠎ᠠ ᠶᠢᠨ | ᠡᠵᠡᠩᠨᠡᠯᠲᠡ ᠶᠢᠨ ᠦᠢᠯᠡᠴᠢᠯᠡᠭᠡᠨ ᠤ ᠴᠢᠨᠠᠷᠲᠠᠶ ᠠᠵᠤ ᠠᠬᠤᠶᠢᠯᠠᠯ ᠢ ᠳᠡᠮᠵᠢᠵᠦ ᠪᠠᠶᠢᠭᠠᠳ ︽ᠵᠠᠰᠠᠮᠠᠯ ᠵᠠᠮ ᠢ ᠲᠡᠮᠦᠷ ᠵᠠᠮ ᠢᠶᠠᠷ ᠲᠡᠬᠡᠬᠡᠪᠦᠷᠢᠯᠡᠬᠦ︾ ᠪᠤᠶᠤ ︽ᠵᠠᠰᠠᠮᠠᠯ | ᠵᠠᠮ ᠲᠡᠮᠦᠷ ᠵᠠᠮ ᠲᠡᠯᠡᠶ ᠲᠡᠯᠡᠶ ᠬᠤᠯᠪᠣᠭᠠᠯᠠᠨ ᠲᠡᠭᠡᠭᠡᠪᠦᠷᠢᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭ᠎ᠠ ᠶᠢ ᠰᠠᠷ᠎ᠠ ᠶᠢᠨ ᠳᠤᠮᠳᠠᠴᠢ ᠲᠡᠭᠡᠭᠡᠪᠦᠷᠢᠯᠡᠬᠦ ᠬᠡᠮᠵᠢᠶ᠎ᠡ ᠶᠢ 60TEU ᠠᠴᠠ ᠳᠤᠲᠠᠭᠤ ᠪᠠᠶᠢᠯᠭᠠᠵᠤ ᠪᠣᠯᠬᠤ ᠦᠭᠡᠢ ᠪᠠᠶᠢᠪᠠᠯ᠂ 1500 ᠲᠥᠭᠦᠷᠢᠭ / 20 | ᠲᠣᠬᠤᠢ᠂ 2800 ᠲᠥᠭᠦᠷᠢᠭ / 40 ᠲᠤᠬᠤᠢ ᠬᠠᠶᠢᠷᠴᠠᠭ ᠤᠨ ᠪᠠᠷᠢᠮᠵᠢᠶ᠎ᠠ ᠪᠠᠷ ᠨᠥᠬᠦᠪᠥᠷᠢ ᠶᠢᠨ ᠳᠡᠮᠵᠢᠯᠭᠡ ᠦᠵᠡᠭᠦᠯᠦᠨ᠎ᠡ᠃ | ᠲᠠᠪᠤ ᠂ ᠪᠣᠭᠤᠮᠲᠠ ᠶᠢᠨ ᠲᠠᠯᠠᠪᠤᠷ ᠭᠠᠵᠠᠷ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠳᠡᠮᠵᠢᠨ᠎ᠡ᠃ ᠤᠯᠠᠭᠠᠨᠬᠠᠳᠠ ᠪᠣᠭᠤᠮᠲᠠ ᠵᠢᠴᠢ ᠬᠢᠨᠠᠨ ᠬᠠᠮᠢᠶᠠᠷᠬᠤ | ᠲᠠᠯᠠᠪᠤᠷ ᠭᠠᠵᠠᠷ ᠤᠨ ᠡᠵᠡᠩᠨᠡᠯᠲᠡ ᠦᠢᠯᠡᠴᠢᠯᠡᠭᠡᠨ ᠤ ᠴᠢᠨᠠᠷᠲᠠᠶ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠨᠢ ᠪᠣᠭᠤᠮᠲᠠ ᠪᠠᠷ ᠥᠩᠭᠡᠷᠡᠬᠦ ᠴᠠᠭ ᠢ | ᠪᠣᠭᠤᠨᠢᠰᠬᠠᠬᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠠᠰᠢᠭᠲᠠᠶ ᠲᠥᠷᠥᠯ ᠵᠦᠢᠯ ᠳᠤ ᠪᠣᠳᠠᠲᠠᠶ | ᠵᠠᠷᠤᠯᠭ᠎ᠠ ᠶᠢᠨ ᠵᠣᠭᠤᠰ ᠤᠨ ᠲᠤᠭ᠎ᠠ ᠶᠢ ᠦᠨᠳᠦᠰᠦᠯᠡᠨ ᠬᠠᠮᠤᠭ ᠤᠨ ᠥᠨᠳᠥᠷ ᠲᠡᠭᠡᠨ 30% ᠶᠢᠨ ᠬᠠᠷᠢᠴᠠᠯ ᠠᠴᠠ ᠳᠠᠪᠠᠭᠤᠯᠬᠤ ᠥᠬᠡᠶ ᠳᠡᠮᠵᠢᠯᠭᠡ ᠦᠵᠡᠭᠦᠯᠵᠦ᠂ | ᠲᠠᠩ ᠭᠠᠭᠴᠠ ᠲᠥᠷᠥᠯ ᠵᠦᠢᠯ ᠤᠨ ᠳᠡᠮᠵᠢᠯᠭᠡ ᠶᠢᠨ ᠵᠣᠭᠤᠰ ᠤᠨ ᠲᠤᠭ᠎ᠠ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ | ᠃ | ᠵᠢᠷᠭᠤᠭ᠎ᠠ᠂ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠶᠢ ᠳᠡᠮᠵᠢᠬᠦ ᠬᠡᠷᠡᠭᠲᠡᠶ᠃ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠤᠨ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠬᠢᠯᠢ ᠶᠢᠨ ᠳᠣᠲᠣᠷᠠᠬᠢ ᠭᠠᠳᠠᠭᠠᠳᠤ ᠦᠵᠡᠭᠦᠯᠦᠯᠭᠡ ᠪᠠ ᠵᠥᠪᠳᠡᠯᠴᠡᠭᠡ ᠬᠢᠬᠦ | ᠠᠵᠢᠯᠯᠠᠭ᠎ᠠ ᠳᠤ ᠣᠷᠣᠯᠴᠠᠵᠤ᠂ ᠠᠵᠤ ᠠᠬᠤᠶᠢᠯᠠᠯ ᠳᠤ 70% ᠶᠢᠨ ᠦᠵᠡᠭᠦᠯᠦᠯᠭᠡ ᠶᠢᠨ ᠪᠠᠶᠢᠷᠢ ᠶᠢᠨ ᠰᠦᠢᠳᠬᠡᠯ ᠤᠨ ᠨᠥᠬᠦᠪᠥᠷᠢ ᠣᠯᠭᠤᠵᠤ᠂ ᠭᠠᠭᠴᠠ | ᠵᠦᠢᠯ ᠤᠨ ᠬᠢᠯᠢ ᠶᠢᠨ ᠭᠠᠳᠠᠨᠠᠬᠢ ᠦᠵᠡᠰᠬᠦᠯᠡᠩ ᠨᠢ 2 ᠲᠦᠮᠡᠨ ᠲᠥᠭᠦᠷᠢᠭ ᠢ ᠳᠠᠪᠠᠭᠤᠯᠬᠤ ᠦᠭᠡᠶ᠂ ᠬᠢᠯᠢ ᠶᠢᠨ ᠳᠣᠲᠣᠷᠠᠬᠢ ᠦᠵᠡᠰᠬᠦᠯᠡᠩ ᠨᠢ 1 ᠲᠦᠮᠡᠨ | ᠲᠥᠭᠦᠷᠢᠭ ᠢ ᠳᠠᠪᠠᠭᠤᠯᠬᠤ ᠦᠭᠡᠶ᠃ ᠠᠵᠤ ᠠᠬᠤᠶᠢᠯᠠᠯ ᠤᠨ ᠢᠲᠡᠭᠡᠮᠵᠢ ᠶᠢ ᠪᠤᠶᠢᠵᠢᠭᠤᠯᠬᠤ ᠶᠢ ᠴᠢᠩᠭᠠᠳᠬᠠᠵᠤ᠂ ᠲᠤᠬᠠᠶ ᠶᠢᠨ ᠵᠢᠯ ᠳᠤ AEO ᠪᠣᠭᠤᠮᠲᠠ ᠶᠢᠨ | ᠳᠡᠭᠡᠳᠦ ᠵᠡᠷᠭᠡ ᠶᠢᠨ ᠭᠡᠷᠡᠴᠢᠯᠡᠯ ᠣᠯᠤᠭᠰᠠᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠱᠠᠩᠨᠠᠨ᠎ᠠ᠃ | ᠳᠣᠯᠤᠭ᠎ᠠ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠮᠠᠨ ᠤ ᠬᠤᠲᠠ ᠶᠢᠨ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠳᠤ ᠪᠣᠭᠤᠮᠲᠠ ᠳᠤ ᠮᠡᠳᠡᠭᠦᠯᠵᠦ ᠪᠠᠶᠢᠴᠠᠭᠠᠯᠭᠠᠬᠤ᠂ ᠪᠠᠷᠠᠭᠠᠨ ᠤ ᠭᠦᠢᠯᠭᠡᠭᠡ᠂ ᠳ᠋ᠦᠩᠨᠡᠨ ᠪᠤᠳᠤᠬᠤ᠂ ᠢᠲᠡᠭᠡᠮᠵᠢ ᠶᠢᠨ ᠳᠠᠭᠠᠳᠬᠠᠯ᠂ | ᠪᠡᠯᠡ ᠲᠣᠬᠢᠷᠠᠭᠤᠯᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠵᠤ ᠥᠪᠡᠷᠲᠡᠭᠡᠨ ᠵᠠᠰᠠᠬᠤ ᠣᠷᠣᠨ ᠤ ᠲᠡᠰ ᠤᠨ ᠮᠠᠭᠠᠳᠯᠠᠨ ᠲᠣᠭᠲᠠᠭᠠᠭᠰᠠᠨ ᠭᠠᠳᠠᠭᠠᠳᠤ | ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ | ᠨᠠᠢᠮᠠ᠂ ᠭᠠᠳᠠᠭᠠᠳᠤ ᠪᠡᠯᠡ ᠶᠢ ᠣᠷᠣᠭᠤᠯᠬᠤ ᠪᠠ ᠠᠰᠢᠭᠯᠠᠬᠤ ᠶᠢ ᠳᠡᠮᠵᠢᠨ᠎ᠡ᠃ ᠲᠤᠬᠠᠶ ᠶᠢᠨ ᠵᠢᠯ ᠳᠤ ᠰᠢᠨ᠎ᠡ ᠪᠠᠷ ᠪᠠᠶᠢᠭᠤᠯᠤᠭᠰᠠᠨ ᠪᠤᠶᠤ ᠨᠡᠮᠡᠭᠳᠡᠭᠰᠡᠨ ᠪᠡᠯᠡ | ︵ᠠᠰᠢᠭ ᠬᠤᠨᠵᠢᠪᠣᠷᠢ ᠶᠢᠨ ᠳᠠᠬᠢᠨ ᠪᠡᠯᠡ ᠣᠷᠣᠭᠤᠯᠤᠯᠲᠠ ᠪᠠᠭᠲᠠᠨ᠎ᠠ︶ ᠶᠢᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠢ ᠪᠦᠷᠢᠯᠳᠦᠭᠦᠯᠦᠭᠰᠡᠨ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ︵ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠦᠢᠯᠡᠰ᠂ ᠮᠥᠩᠭᠦᠨ | ᠭᠦᠢᠯᠭᠡᠭᠡᠨ ᠤ ᠦᠢᠯᠡᠰ᠂ ᠲᠥᠷᠥᠯ ᠤᠨ ᠮᠥᠩᠭᠦᠨ ᠭᠦᠢᠯᠭᠡᠭᠡᠨ ᠤ ᠦᠢᠯᠡᠰ ᠤᠨ ᠲᠥᠷᠥᠯ ᠵᠦᠢᠯ ᠪᠠᠭᠲᠠᠬᠤ ᠦᠭᠡᠶ ︶ ᠮᠥᠷᠲᠡᠭᠡᠨ ᠪᠡᠯᠡ ᠮᠥᠩᠭᠦ ᠶᠢ ᠨᠢ ᠭᠤᠤᠯᠳᠠᠭᠤ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠤᠭᠰᠠᠨ ᠪᠤᠶᠤ ᠥᠭᠡᠷᠡᠴᠢᠯᠡᠨ ᠳᠡᠰ ᠳᠡᠪᠰᠢᠭᠦᠯᠬᠦ᠂ ᠰᠢᠨ᠎ᠡ ᠦᠢᠯᠡᠳᠬᠦᠨ | ᠰᠤᠳᠤᠯᠤᠨ ᠨᠡᠭᠡᠭᠡᠬᠦ᠂ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠭᠰᠡᠨ ᠪᠣᠯ᠂ ᠲᠤᠬᠠᠶ ᠶᠢᠨ ᠵᠢᠯ ᠤᠨ ᠪᠣᠳᠠᠲᠠᠶ ᠠᠰᠢᠭᠯᠠᠭᠰᠠᠨ ᠭᠠᠳᠠᠭᠠᠳᠤ ᠪᠡᠯᠡ ᠶᠢᠨ ᠵᠣᠭᠤᠰ ᠤᠨ | ᠲᠤᠭ᠎ᠠ ᠶᠢᠨ ᠪᠠᠶᠢᠳᠠᠯ ᠢᠶᠠᠷ ᠨᠢ ᠵᠣᠬᠢᠬᠤ ᠱᠠᠩᠨᠠᠯ ᠣᠯᠭᠤᠵᠤ᠂ ᠭᠠᠭᠴᠠ ᠠᠵᠤ ᠠᠬᠤᠶᠢᠯᠠᠯ ᠤᠨ ᠱᠠᠩᠨᠠᠯ ᠤᠨ ᠵᠣᠭᠤᠰ ᠤᠨ ᠲᠤᠭ᠎ᠠ ᠪᠠᠷ ᠬᠠᠮᠤᠭ ᠤᠨ ᠥᠨᠳᠥᠷ ᠨᠢ | 1000 ᠲᠦᠮᠡᠨ ᠲᠥᠭᠦᠷᠢᠭ ᠪᠣᠯᠤᠨ᠎ᠠ᠃ ᠪᠥᠬᠦ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠠᠵᠤ ᠦᠢᠯᠡᠰ ᠤᠨ ᠬᠥᠭᠵᠢᠯᠲᠡ ᠳᠤ ᠴᠢᠬᠤᠯᠠ | ᠶᠡᠭᠡ ᠳᠠᠶᠢᠴᠢᠯᠠᠬᠤ ᠦᠢᠯᠡᠳᠦᠯ ᠲᠠᠢ ᠪᠥᠭᠡᠳ ᠡᠳ᠋ ᠤᠨ ᠵᠠᠰᠠᠭ ᠲᠤ ᠦᠷᠭᠦᠯᠵᠢᠯᠡᠨ ᠬᠤᠪᠢ ᠨᠡᠮᠡᠷᠢ ᠦᠵᠡᠭᠦᠯᠬᠦ ᠨᠣᠷᠮ᠎ᠠ ᠪᠠᠷ ᠶᠡᠭᠡ ᠭᠠᠳᠠᠭᠠᠳᠤ ᠪᠡᠯᠡ ᠶᠢᠨ ᠲᠥᠷᠥᠯ | ᠵᠦᠢᠯ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠭᠤᠤᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ | ᠲᠣᠰ ᠲᠥᠷᠥ ᠶᠢᠨ ᠪᠣᠳᠣᠯᠭ᠎ᠠ ᠶᠢ ᠤᠯᠠᠭᠠᠨᠬᠠᠳᠠ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠵᠤ᠂ 2024 | ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2025 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ | ᠬᠡᠷᠡᠭᠵᠢᠭᠦᠯᠦᠨ᠎ᠡ᠃ ᠬᠤᠯᠪᠣᠭᠳᠠᠬᠤ ᠱᠠᠩᠨᠠᠯ ᠤᠨ ᠪᠠᠯᠠ ᠮᠥᠩᠭᠦ ᠶᠢ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠠᠴᠠ ᠭᠠᠳᠠᠨ᠎ᠠ᠂ ᠬᠤᠲᠠ᠂ ᠬᠤᠰᠢᠭᠤ ︵ᠰᠢᠶᠠᠨ᠂ | ᠲᠣᠭᠤᠷᠢᠭ︶ ᠬᠤᠶᠠᠷ ᠱᠠᠲᠤᠨ ᠠᠴᠠ 8᠄ 2 ᠬᠠᠮᠲᠤ ᠶᠢᠨ ᠬᠤᠪᠢᠶᠠᠨ ᠡᠭᠦᠷᠭᠡᠯᠡᠵᠦ᠂ ᠪᠣᠳᠠᠲᠠᠶ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠵᠦᠭᠯᠡᠭᠦᠷ ᠢ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠠᠴᠠ ᠠᠰ ᠲᠤᠨᠢ ᠲᠣᠭᠲᠠᠭᠠᠨ᠎ᠠ᠃ | | | |