7 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ 2024 ᠣᠨ ᠤ ᠰᠦᠩᠱᠠᠨ ᠲᠣᠭᠤᠷᠢᠭ ᠤᠨ ᠢᠳᠡᠭᠡᠨ ᠪᠠ ᠡᠮ ᠤᠨ ᠵᠦᠢᠯ ᠤᠨ ᠠᠮᠤᠷ | ᠲᠦᠪᠰᠢᠨ ᠤ ᠵᠥᠪᠯᠡᠯ ︵ᠥᠷᠭᠡᠳᠬᠡᠭᠰᠡᠨ︶ ᠤᠨ ᠠᠵᠢᠯ ᠤᠨ ᠬᠤᠷᠠᠯ ᠬᠤᠷᠠᠯᠳᠤᠪᠠ᠃ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠲᠣᠭᠤᠷᠢᠭ ᠤᠨ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠳᠡᠳ᠋ ᠡᠷᠬᠢᠯᠡᠭᠴᠢ ᠯᠢ ᡁᠢ ᠭᠦᠸᠧ ᠬᠤᠷᠠᠯ ᠳᠤ ᠣᠷᠣᠯᠴᠠᠪᠠ᠃ | ᠬᠤᠷᠠᠯ ᠠᠴᠠ ᠪᠥᠬᠦ ᠲᠣᠭᠤᠷᠢᠭ ᠤᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠤ ᠠᠵᠢᠯ ᠢ ᠵᠠᠷᠯᠠᠨ ᠮᠡᠳᠡᠭᠳᠡᠵᠦ᠂ ︽ᠪᠥᠬᠦ ᠲᠣᠭᠤᠷᠢᠭ ᠤᠨ ᠳᠤᠮᠳᠠᠳᠤ | ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠭᠤᠯᠠᠨ ᠬᠡᠷ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠮᠡᠳᠡᠭᠳᠡᠯ︾ ᠢ ᠲᠠᠶᠢᠯᠤᠮᠵᠢ ᠬᠢᠵᠦ᠂ ᠪᠥᠬᠦ ᠲᠣᠭᠤᠷᠢᠭ ᠤᠨ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ᠂ ᠰᠤᠷᠭᠠᠭᠤᠯᠢ ᠶᠢᠨ | ᠬᠦᠷᠢᠶᠡᠨ ᠤ ᠠᠮᠤᠷ ᠲᠦᠪᠰᠢᠨ ᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠷᠭᠠᠭᠤᠯᠢ ᠨᠤᠭᠤᠳ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠭᠤᠤᠯᠳᠠᠯᠭ᠎ᠠ ᠲᠠᠢ ᠭᠤᠭᠴᠤᠭ᠎ᠠ᠂ ᠭᠤᠤᠯᠳᠠᠯᠭ᠎ᠠ ᠲᠠᠢ | ᠬᠥᠮᠦᠰ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠳᠬᠤᠵᠤ᠂ ᠪᠠᠭᠰᠢ ᠰᠤᠷᠤᠭᠴᠢᠳ ᠤᠨ ᠢᠳᠡᠭᠡᠨ | ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠲᠦᠷᠢᠮ ᠲᠣᠭᠲᠠᠭᠠᠯ ᠲᠣᠭᠲᠠᠭᠠᠵᠤ᠂ ︽ᠶᠠᠪᠤᠴᠠ ᠪᠠᠷ ᠠᠵᠢᠯ ᠬᠢᠵᠦ᠂ ᠲᠦᠷᠢᠮ ᠢᠶᠠᠷ | ᠬᠥᠮᠦᠨ ᠢ ᠬᠠᠮᠢᠶᠠᠷᠬᠤ︾ ᠶᠢ ᠪᠠᠲᠤᠯᠠᠵᠤ᠂ ᠪᠥᠬᠦ ᠲᠣᠭᠤᠷᠢᠭ ᠤᠨ ᠰᠤᠷᠭᠠᠭᠤᠯᠢ ᠶᠢᠨ ᠬᠤᠭᠤᠯᠠᠨ ᠬᠡᠷ ᠤᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠨᠠᠩ | ᠲᠡᠭᠦᠯᠳᠡᠷᠵᠢᠭᠦᠯᠵᠦ᠂ ᠡᠵᠡᠩᠨᠡᠯᠲᠡ ᠶᠢᠨ ᠡᠮᠬᠢ ᠵᠢᠷᠤᠮ ᠢ ᠨᠠᠩ ᠵᠢᠷᠤᠮᠵᠢᠭᠤᠯᠬᠤ ᠬᠡᠷᠡᠭᠲᠡᠶ᠃ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠵᠣᠬᠢᠴᠠᠭᠤᠯᠤᠨ ᠬᠠᠮᠵᠢᠯᠴᠠᠬᠤ ᠵᠢᠴᠢ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠵᠤ᠂ ᠠᠵᠢᠯ ᠤᠨ ᠨᠡᠶᠢᠯᠡᠮᠡᠯ | ᠬᠦᠴᠦᠨ ᠢ ᠪᠣᠶ ᠪᠣᠯᠭᠠᠨ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠬᠠᠯᠬᠠᠪᠴᠢ ᠶᠢ ᠬᠠᠮᠲᠤᠪᠠᠷ ᠪᠠᠶᠢᠭᠤᠯᠵᠤ᠂ ᠪᠥᠬᠦ | ᠲᠣᠭᠤᠷᠢᠭ ᠤᠨ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ |