︽ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠦᠢᠯᠡᠰ ᠤᠨ ᠡᠷᠬᠡ ᠶᠢ ᠪᠤᠴᠠᠭᠠᠬᠤ ᠨᠥᠬᠦᠪᠥᠷᠢ ᠶᠢᠨ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/7/9
  

ᠮᠠᠨ  ᠤ ᠬᠤᠲᠠ ︽ᠤᠯᠠᠭᠠᠨᠬᠠᠳᠠ ᠬᠤᠲᠠ  ᠶᠢᠨ ᠠᠷᠠᠳ ᠤᠨ ᠵᠠᠰᠠᠭ ᠤᠨ ᠣᠷᠳᠣᠨ ᠤ ︿ᠤᠯᠠᠭᠠᠨᠬᠠᠳᠠ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ

ᠣᠷᠣᠨ ᠳᠠᠬᠢ ᠠᠭᠤᠷᠬᠠᠢ ᠶᠢᠨ ᠦᠢᠯᠡᠰ ᠤᠨ ᠡᠷᠬᠡ ᠶᠢ ᠪᠤᠴᠠᠭᠠᠬᠤ ᠨᠥᠬᠦᠪᠥᠷᠢ ᠶᠢᠨ ᠲᠥᠰᠦᠯ﹀  ᠦᠨ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾

ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂

ᠡᠳᠦᠭᠡ ︽ᠮᠡᠳᠡᠭᠳᠡᠯ︾ ᠳᠤ ᠳᠣᠣᠷᠠᠬᠢ ᠮᠡᠲᠦ ᠲᠠᠶᠢᠯᠤᠮᠵᠢ ᠬᠢᠶ᠎ᠠ᠄

ᠨᠢᠭᠡ᠂ ᠠᠬᠤᠶ ᠪᠠᠶᠢᠳᠠᠯ ᠤᠨ ᠦᠨᠳᠦᠰᠦᠯᠡᠯ

ᠠᠮᠢ ᠠᠬᠤᠶ  ᠶᠢᠨ ᠪᠣᠯᠪᠠᠰᠤᠨ ᠤ ᠪᠠᠶᠢᠭᠤᠯᠤᠯᠲᠠ  ᠶᠢ ᠪᠥᠬᠦ ᠲᠠᠯ᠎ᠠ  ᠪᠠᠷ ᠠᠬᠢᠭᠤᠯᠵᠤ᠂ ᠮᠠᠨ ᠤ ᠬᠤᠲᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ

ᠠᠭᠤᠷᠬᠠᠶ ᠶᠢᠨ ᠦᠢᠯᠡᠰ ᠤᠨ ᠡᠷᠬᠡ ᠶᠢ ᠪᠤᠴᠠᠭᠠᠬᠤ ᠶᠢ ᠲᠦᠷᠭᠡᠳᠬᠡᠬᠦ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠶᠢᠭᠠᠯᠢ ᠶᠢᠨ

ᠬᠠᠮᠠᠭᠠᠯᠠᠯᠲᠠ ᠶᠢᠨ ᠣᠷᠣᠨ ᠤ ᠳᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠠᠷᠠᠳ  ᠤᠨ ᠵᠠᠰᠠᠭ  ᠤᠨ ᠣᠷᠳᠣᠨ  ᠤ ᠪᠠᠶᠢᠭᠠᠯᠢ ᠶᠢᠨ

ᠬᠠᠮᠠᠭᠠᠯᠠᠯᠲᠠ  ᠶᠢᠨ ᠣᠷᠣᠨ ᠳᠠᠬᠢ ᠠᠭᠤᠷᠬᠠᠶ ᠶᠢᠨ ᠦᠢᠯᠡᠰ ᠤᠨ ᠡᠷᠬᠡ ᠶᠢ ᠪᠤᠴᠠᠭᠠᠬᠤ ᠳᠤ ᠨᠥᠬᠦᠪᠥᠷᠢ ᠥᠭᠬᠦ ᠲᠤᠬᠠᠶ ᠵᠢᠯᠣᠭᠤᠳᠬᠤ ᠰᠠᠨᠠᠯ︾ ︵ᠥᠪᠥᠷ ᠵᠠᠰᠠᠭ

ᠲᠠᠷᠬᠠᠭᠠᠭᠰᠠᠨ ﹇2018﹈ 19 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂

ᠲᠣᠰ ᠲᠥᠰᠦᠯ ᠢ ᠲᠣᠭᠲᠠᠭᠠᠪᠠ᠃

ᠬᠤᠶᠠᠷ᠂ ᠬᠠᠷᠠᠯᠲᠠ ᠶᠢᠨ ᠡᠭᠦᠷᠭᠡ

2024 ᠣᠨ ᠤ 12 ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠪᠠᠶᠢᠭ᠎ᠠ ᠬᠠᠤᠯᠢ ᠶᠣᠰᠣᠨ ᠤ ᠠᠭᠤᠷᠬᠠᠶ ᠶᠢᠨ

ᠦᠢᠯᠡᠰ ᠤᠨ ᠡᠷᠬᠡᠲᠦ ᠬᠥᠮᠦᠨ ᠨᠢ ᠬᠠᠷᠢᠶᠠᠯᠠᠬᠤ ᠡᠷᠬᠡ ᠲᠠᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠠᠢ ᠪᠤᠴᠠᠭᠠᠬᠤ ᠨᠥᠬᠦᠪᠥᠷᠢ ᠶᠢᠨ

ᠵᠥᠪᠯᠡᠯᠴᠡᠭᠡᠷ ᠲᠣᠭᠲᠠᠵᠤ᠂ ᠵᠥᠪᠯᠡᠯᠴᠡᠭᠡᠷ ᠲᠤ ᠪᠣᠯᠵᠣᠨ ᠲᠣᠭᠲᠠᠭᠰᠠᠨ ᠴᠠᠭ ᠤᠨ ᠬᠢᠵᠠᠭᠠᠷ ᠶᠣᠰᠣᠭᠠᠷ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠠᠴᠠ

ᠪᠤᠴᠠᠭᠠᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠬᠠᠷᠢᠭᠤᠴᠠᠯᠭ᠎ᠠ ᠶᠢ 

ᠪᠡᠶᠡᠯᠡᠭᠦᠯᠪᠡ᠃ 2025 ᠣᠨ  ᠤ 4 ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠬᠤᠰᠢᠭᠤ ᠰᠢᠶᠠᠨ ᠲᠣᠭᠤᠷᠢᠭ  ᠤᠨ ᠠᠷᠠᠳ ᠤᠨ

ᠵᠠᠰᠠᠭ ᠤᠨ ᠣᠷᠳᠣᠨ ᠬᠠᠤᠯᠢ ᠶᠣᠰᠣᠭᠠᠷ ᠬᠠᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠶ ᠶᠢᠨ ᠦᠢᠯᠡᠰ  ᠤᠨ ᠡᠷᠬᠡ ᠶᠢᠨ ᠲᠤᠬᠠᠶ ᠠᠯᠪᠠᠨ

ᠵᠠᠷ ᠨᠡᠶᠢᠲᠡᠯᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠭᠡᠷᠡᠴᠢ ᠦᠨᠡᠮᠯᠡᠯ ᠢ ᠬᠠᠤᠯᠢ ᠶᠣᠰᠣᠭᠠᠷ ᠬᠤᠷᠢᠶᠠᠨ ᠠᠪᠴᠤ ᠬᠦᠴᠦᠨ ᠥᠬᠡᠶ 

ᠪᠣᠯᠭᠠᠪᠠ ᠃ 2025 ᠣᠨ  ᠤ 12 ᠰᠠᠷ᠎ᠠ ᠶᠢᠨ ᠰᠡᠭᠦᠯᠴᠢ ᠠᠴᠠ ᠡᠮᠦᠨ᠎ᠡ ᠪᠥᠬᠦ ᠲᠠᠯ᠎ᠠ ᠪᠠᠷ ᠡᠮᠬᠢ ᠵᠢᠷᠤᠮ ᠲᠠᠢ ᠪᠠᠷ ᠤᠬᠤᠷᠢᠨ ᠭᠠᠷᠬᠤ ᠬᠡᠷᠡᠭᠲᠡᠢ ᠃

ᠭᠤᠷᠪᠠ᠂ ᠨᠥᠬᠦᠪᠥᠷᠢ ᠥᠭᠬᠦ ᠪᠠᠷᠢᠮᠵᠢᠶ᠎ᠠ

ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠨᠢᠭᠡᠨᠲᠡ ᠪᠠᠶᠢᠭᠤᠯᠤᠭᠰᠠᠨ ᠠᠭᠤᠷᠬᠠᠶ ᠶᠢᠨ ᠦᠢᠯᠡᠰ ᠤᠨ ᠡᠷᠬᠡ ᠶᠢ ᠬᠦᠴᠦᠨ ᠥᠬᠡᠶ ᠪᠣᠯᠭᠠᠬᠤ᠂ ᠠᠭᠤᠷᠬᠠᠶ ᠶᠢᠨ

ᠣᠷᠣᠨ ᠤ ᠬᠡᠪᠴᠢᠶ᠎ᠡ ᠶᠢ ᠪᠠᠭᠠᠰᠬᠠᠬᠤ᠂ ᠵᠥᠪᠳᠡᠯᠴᠡᠨ ᠨᠥᠬᠦᠪᠥᠷᠢᠯᠡᠬᠦ ᠭᠤᠷᠪᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ ᠲᠥᠷᠥᠯ ᠬᠤᠪᠢᠶᠠᠨ ᠪᠣᠴᠠᠭᠠᠪᠠ ᠃

ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠨᠥᠬᠦᠴᠡᠯ ᠳᠤ ᠨᠡᠶᠢᠴᠡᠬᠦ ᠠᠭᠤᠷᠬᠠᠶ ᠶᠢᠨ ᠦᠢᠯᠡᠰ ᠤᠨ ᠡᠷᠬᠡ ᠳᠤ

ᠪᠣᠯ ᠬᠠᠤᠯᠢ ᠶᠣᠰᠣᠭᠠᠷ ᠭᠤᠷᠪᠠᠳᠠᠬᠢ ᠡᠲᠡᠭᠡᠳ ᠤᠨ ᠵᠠᠭᠤᠴᠢ ᠪᠠᠶᠢᠭᠤᠯᠤᠮᠵᠢ ᠶᠢ ᠰᠣᠩᠭᠤᠭᠰᠠᠨ ᠦᠨᠡᠯᠡᠨ ᠵᠢᠱᠢᠭᠰᠡᠨ ᠦᠷ᠎ᠡ ᠳ᠋ᠦᠩ ᠢ ᠦᠨᠳᠦᠰᠦᠯᠡᠨ᠂ ᠬᠠᠮᠤᠭ ᠤᠨ

ᠡᠴᠦᠰ ᠤᠨ ᠨᠥᠬᠦᠪᠥᠷᠢ ᠥᠭᠬᠦ ᠵᠣᠭᠤᠰ ᠤᠨ ᠲᠤᠭ᠎ᠠ ᠶᠢ ᠵᠦᠶ ᠵᠣᠬᠢᠰᠲᠠᠶ ᠲᠣᠭᠲᠠᠭᠠᠨ᠎ᠠ ᠃

ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠭᠤᠷᠬᠠᠶ ᠶᠢᠨ ᠦᠢᠯᠡᠰ ᠤᠨ ᠡᠷᠬᠡ  ᠶᠢ ᠪᠤᠴᠠᠭᠠᠬᠤ ᠨᠥᠬᠦᠪᠥᠷᠢ ᠶᠢ ᠠᠭᠤᠷᠬᠠᠶ ᠶᠢᠨ ᠭᠠᠵᠠᠷ ᠤᠨ ᠣᠷᠴᠢᠨ

ᠲᠣᠭᠤᠷᠢᠨ ᠢ ᠰᠡᠷᠭᠦᠭᠡᠨ ᠵᠠᠰᠠᠬᠤ ᠠᠵᠢᠯ ᠲᠠᠢ ᠬᠤᠯᠪᠣᠭᠳᠠᠭᠤᠯᠵᠤ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠰᠢᠯᠭᠠᠨ

ᠠᠪᠤᠭᠰᠠᠨ ᠤ ᠳᠠᠷᠠᠭ᠎ᠠ᠂ ᠬᠠᠮᠲᠤ ᠳᠤᠨᠢ ᠲᠣᠭᠠᠴᠠᠭ᠎ᠠ ᠬᠢᠵᠦ ᠨᠥᠬᠦᠪᠥᠷᠢᠯᠡᠬᠦ ᠬᠡᠷᠡᠭᠲᠡᠶ᠃ ᠬᠠᠮᠤᠭ ᠰᠡᠭᠦᠯ  ᠳᠤ ᠠᠭᠤᠷᠬᠠᠢ ᠶᠢᠨ ᠠᠵᠤ ᠠᠬᠤᠶᠢᠯᠠᠯ ᠤᠨ ᠪᠤᠴᠠᠭᠠᠬᠤ  ᠳᠤ

ᠥᠭᠬᠦ ᠨᠥᠬᠦᠪᠦᠷᠢ ᠶᠢᠨ ᠮᠥᠩᠭᠦ ᠶᠢᠨ ᠲᠤᠭ᠎ᠠ ᠠᠴᠠ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠡᠯᠡ ᠭᠠᠷᠭᠠᠭᠰᠠᠨ ᠭᠠᠵᠠᠷ

ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠵᠠᠷᠤᠳᠠᠯ ᠢ ᠬᠠᠰᠤᠭᠰᠠᠨ ᠤ ᠳᠠᠷᠠᠭ᠎ᠠ ᠲᠣᠭᠲᠠᠭᠠᠭᠰᠠᠨ ᠵᠦᠢ ᠵᠣᠬᠢᠰᠲᠠᠢ ᠲᠥᠯᠥᠪᠦᠷᠢ ᠮᠥᠩᠭᠦ ᠶᠢ ᠨᠥᠬᠦᠪᠦᠷᠢᠯᠡᠨ᠎ᠡ᠃

ᠳᠥᠷᠪᠡ᠂ ᠬᠡᠷᠡᠭᠵᠢᠭᠦᠯᠬᠦ ᠴᠠᠭ ᠬᠤᠭᠤᠴᠠᠭ᠎ᠠ

ᠲᠣᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠦᠴᠦᠨ ᠲᠠᠢ ᠬᠤᠭᠤᠴᠠᠭ᠎ᠠ ᠨᠢ 2025 ᠣᠨ ᠤ 12 ᠰᠠᠷ᠎ᠠ ᠶᠢᠨ 31 ᠤ ᠡᠳᠦᠷ  

ᠪᠣᠯᠲᠠᠯ᠎ᠠ ᠪᠣᠯᠤᠨ᠎ᠠ ᠃

 

 

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ