ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠷᠤᠭ ᠭᠡᠷ ᠪᠦᠯᠢ ᠶᠢᠨ ᠰᠤᠶᠤᠯ ᠢ ᠤᠯᠠᠮᠵᠢᠯᠠᠨ ᠵᠠᠯᠭᠠᠮᠵᠢᠯᠠᠵᠤ᠂ ᠣᠯᠠᠨ ᠲᠥᠮᠡᠨ ᠤ ︽ᠭᠡᠷ ᠪᠦᠯᠢ ᠶᠢᠨ | ᠬᠥᠮᠦᠵᠢᠯ ᠢ ᠴᠢᠬᠤᠯᠠᠴᠢᠯᠠᠨ᠂ ᠭᠡᠷ ᠤᠨ ᠰᠤᠷᠲᠠᠯ ᠢ ᠡᠷᠬᠢᠮᠯᠡᠬᠦ︾ ᠤᠬᠠᠮᠰᠠᠷ ᠢ ᠴᠢᠩᠭᠠᠳᠬᠠᠵᠤ᠂ ᠤᠷᠤᠭ ᠬᠤᠷᠢᠮ ᠤᠨ ᠵᠥᠪ ᠰᠤᠷᠲᠠᠯ ᠢ ᠠᠬᠢᠭᠤᠯᠵᠤ᠂ ᠡᠯ᠎ᠡ | ᠦᠨᠳᠦᠰᠦᠲᠡᠨ ᠤ ᠠᠳᠠᠯᠢ ᠪᠤᠰᠤ ᠤᠷᠤᠭ ᠬᠤᠷᠢᠮ ᠤᠨ ᠶᠣᠰᠣ ᠵᠠᠩᠰᠢᠯ ᠢᠶᠠᠷ ᠭᠠᠷᠳᠠᠴᠠ ᠪᠣᠯᠭᠠᠨ᠂ ᠡᠯ᠎ᠡ ᠦᠨᠳᠦᠰᠦᠲᠡᠨ ᠤ ᠬᠠᠷᠢᠯᠴᠠᠨ ᠤᠶᠢᠯᠠᠭᠠᠯᠴᠠᠵᠤ | ᠰᠤᠯᠢᠯᠴᠠᠬᠤ ᠶᠢ ᠠᠬᠢᠭᠤᠯᠬᠤ ᠶᠢᠨ ᠲᠥᠯᠦᠭᠡ ᠬᠤᠩᠱᠠᠨ ᠲᠣᠭᠤᠷᠢᠭ ᠤᠯᠠᠭᠠᠨᠬᠠᠳᠠ ᠤᠷᠤᠭ ᠬᠤᠷᠢᠮ ᠤᠨ ᠴᠡᠴᠡᠷᠯᠢᠭ ᠢᠶᠠᠷ ᠤᠷᠤᠭ ᠬᠤᠷᠢᠮ ᠤᠨ | ᠦᠭᠡᠷᠡᠴᠢᠯᠡᠯᠲᠡ ᠶᠢᠨ ᠭᠤᠣᠯ ᠰᠠᠭᠤᠷᠢᠨ ᠭᠠᠵᠠᠷ ᠪᠣᠯᠭᠠᠵᠤ᠂ ᠣᠷᠤᠭ ᠭᠡᠷ ᠪᠥᠯᠢ ᠶᠢᠨ ᠶᠡᠷᠦ ᠶᠢᠨ ᠮᠡᠳᠡᠯᠭᠡ ᠶᠢ ᠲᠥᠭᠡᠮᠡᠯᠵᠢᠭᠦᠯᠵᠦ ᠣᠷᠤᠭ ᠬᠤᠷᠢᠮ ᠳᠤ ᠬᠦᠭ | ᠨᠡᠮᠡᠷᠢᠯᠡᠬᠦ ᠨᠠᠷᠭᠢᠶ᠎ᠠ᠂ ᠬᠠᠮᠲᠤ ᠶᠢᠨ ᠬᠤᠷᠢᠮ ᠵᠡᠷᠭᠡ ᠬᠡᠯᠪᠡᠷᠢ ᠪᠠᠷ ᠬᠠᠮᠲᠤ ᠶᠢᠨ ᠬᠤᠷᠢᠮ ᠳᠤ ᠣᠷᠤᠯᠴᠠᠭᠰᠠᠨ ᠰᠢᠨ᠎ᠡ ᠬᠤᠤᠰ ᠤᠳ ᠲᠤ ᠯᠤᠤ ᠭᠠᠷᠤᠳᠢ ᠶᠢᠨ | ᠳᠤᠷᠠᠰᠬᠠᠯᠲᠤ ᠪᠤᠳᠠᠰ ᠲᠥᠯᠦᠪᠦᠷᠢ ᠦᠭᠡᠢ ᠪᠠᠷ ᠬᠦᠷᠭᠡᠵᠦ᠂ ᠬᠤᠷᠢᠮ ᠤᠨ ᠬᠤᠪᠴᠠᠰᠤ ᠵᠠᠰᠠᠯ᠂ ᠰᠡᠭᠦᠳᠡᠷ ᠰᠢᠩᠭᠡᠭᠡᠯᠲᠡ᠂ ᠳᠠᠭᠤᠴᠢᠨ᠂ ᠬᠦᠭᠵᠢᠮᠴᠢᠨ ᠲᠥᠯᠦᠪᠦᠷᠢ | ᠦᠭᠡᠢ ᠬᠠᠩᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠴᠣᠭᠴᠠᠯᠠᠵᠤ᠂ ᠡᠷᠬᠡ ᠲᠡᠭᠰᠢ᠂ ᠡᠶ᠎ᠡ | ᠵᠤᠬᠢᠴᠠᠯᠲᠤ᠂ ᠪᠣᠯᠪᠠᠰᠤᠨ ᠨᠡᠶᠢᠭᠡᠮ ᠵᠢᠷᠦᠮᠲᠦ ᠭᠡᠷ ᠪᠥᠯᠢ ᠶᠢᠨ ᠪᠣᠯᠪᠠᠰᠤᠨ ᠰᠤᠷᠲᠠᠯ ᠢ ᠤᠷᠢᠶᠠᠯᠠᠨ᠂ ᠤᠯᠠᠨ ᠲᠥᠮᠡᠨ ᠢ ᠬᠦᠲᠦᠯᠦᠨ ᠤᠷᠤᠭ ᠬᠤᠷᠢᠮ ᠤᠨ ᠪᠣᠯᠬᠢ | ᠰᠤᠷᠲᠠᠯ ᠢ ᠤᠭᠤᠷᠴᠤ᠂ ᠪᠣᠯᠪᠠᠰᠤᠨ ᠪᠤᠰᠤ ᠵᠦᠢᠯᠡᠰ ᠢ ᠬᠠᠯᠠᠨ ᠰᠠᠶᠢᠵᠢᠷᠠᠭᠤᠯᠬᠤ ᠶᠢ ᠤᠷᠢᠶᠠᠯᠠᠵᠤ᠂ ᠪᠣᠯᠪᠠᠰᠤᠨ᠂ ᠠᠷᠪᠢᠴᠢ ᠪᠣᠷᠤᠭᠵᠢᠭᠤᠨ᠂ ᠡᠷᠡᠭᠦᠯ ᠥᠭᠡᠳᠡᠷᠬᠡᠭ | ᠣᠷᠤᠭ ᠬᠤᠷᠢᠮ ᠤᠨ ᠰᠢᠨ᠎ᠡ ᠰᠤᠷᠲᠠᠯ ᠢ ᠰᠠᠨᠠᠭᠠᠴᠢᠯᠠᠨ ᠲᠥᠯᠦᠪᠰᠢᠭᠦᠯᠪᠡ᠃ ᠲᠤᠰ ᠠᠵᠢᠯᠯᠠᠭᠠᠨ ᠨᠢ ᠤᠳᠤᠬᠠᠨ ᠳᠤ ᠶᠠᠭ ᠰᠠᠶᠢᠬᠠᠨ ᠶᠠᠪᠤᠭᠳᠠᠵᠤ ᠪᠤᠢ᠂ ᠨᠡᠷ᠎ᠡ | ᠮᠡᠳᠡᠭᠦᠯᠵᠦ ᠳᠠᠭᠤᠰᠬᠤ ᠪᠣᠯᠲᠠᠯ᠎ᠠ ᠤᠩᠰᠢᠭᠰᠠᠳ ᠤᠨ ᠲᠤᠭ᠎ᠠ 17353 ᠬᠥᠮᠦᠨ ᠤᠳᠠᠭ᠎ᠠ ᠬᠦᠷᠴᠦ᠂ 36 ᠬᠤᠤᠰ ᠨᠡᠷ᠎ᠡ ᠮᠡᠳᠡᠭᠦᠯᠪᠡ᠃ |