| | | ᠬᠤᠩᠱᠠᠨ ᠲᠣᠭᠤᠷᠢᠭ᠂ ᠰᠥᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠵᠥᠪᠯᠡᠯ ᠠᠯᠪᠠᠨ | ᠬᠡᠷ ᠲᠣᠪᠴᠢᠶ᠎ᠠ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠬᠠᠳᠠ ᠬᠣᠲᠠ ᠶᠢᠨ ᠲᠥᠪ ᠬᠣᠲᠠ ᠶᠢᠨ | ᠲᠣᠭᠣᠷᠢᠭ ᠤᠨ ᠲᠡᠦᠬᠡᠨ᠎ᠡ ᠦᠯᠡᠳᠡᠭᠳᠡᠵᠦ ᠢᠷᠡᠭᠰᠡᠨ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠭᠠᠵᠠᠷ | ᠬᠥᠷᠥᠩᠭᠡ ᠶᠢᠨ ᠬᠤᠪᠢᠶᠠᠷᠢᠯᠠᠨ ᠦᠭᠭᠦᠭᠰᠡᠨ ᠭᠠᠵᠠᠷ ᠰᠢᠷᠤᠢ ᠶᠢ ᠬᠢᠮᠲᠠ ᠪᠠᠷ | ᠬᠤᠳᠠᠯᠳᠤᠭᠰᠠᠨ ᠨᠥᠬᠦᠪᠥᠷᠢ ᠲᠤᠰᠢᠶᠠᠬᠤ ᠭᠠᠵᠠᠷ ᠰᠢᠷᠣᠢ ᠪᠣᠯᠭᠠᠵᠤ ᠬᠤᠪᠢᠷᠠᠭᠤᠯᠤᠭᠰᠠᠨ ᠨᠥᠬᠦᠪᠥᠷᠢ ᠮᠥᠩᠭᠦ ᠶᠢᠨ | ᠠᠰᠠᠭᠤᠳᠠᠯ ᠢ ᠰᠢᠢᠳᠪᠦᠷᠢᠯᠡᠬᠦ ᠠᠷᠭ᠎ᠠ ︾ ᠶᠢ ᠲᠠ ᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠢ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠠᠷᠠᠢ᠃ | | 2024 ᠣᠨ ᠤ 7 ᠰᠠᠷ᠎ᠠ ᠶᠢᠨ 23 ᠤ ᠡᠳᠦᠷ | | | ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | ᠤᠯᠠᠭᠠᠨᠬᠠᠳᠠ ᠬᠣᠲᠠ ᠶᠢᠨ ᠲᠥᠪ ᠬᠣᠲᠠ ᠶᠢᠨ ᠲᠣᠭᠣᠷᠢᠭ ᠤᠨ ᠲᠡᠦᠬᠡᠨ᠎ᠡ ᠦᠯᠡᠳᠡᠭᠳᠡᠵᠦ ᠢᠷᠡᠭᠰᠡᠨ ᠣᠷᠣᠨ | ᠰᠠᠭᠤᠴᠠ ᠶᠢᠨ ᠪᠤᠰᠤ ᠭᠡᠷ ᠪᠠᠶᠢᠰᠢᠩ ᠭᠠᠵᠠᠷ ᠬᠥᠷᠥᠩᠭᠡ ᠶᠢᠨ ᠬᠤᠪᠢᠶᠠᠷᠢᠯᠠᠨ ᠦᠭᠭᠦᠭᠰᠡᠨ ᠭᠠᠵᠠᠷ | ᠰᠢᠷᠤᠢ ᠶᠢ ᠬᠢᠮᠲᠠ ᠪᠠᠷ ᠬᠤᠳᠠᠯᠳᠤᠭᠰᠠᠨ ᠨᠥᠬᠦᠪᠥᠷᠢ ᠲᠤᠰᠢᠶᠠᠬᠤ ᠭᠠᠵᠠᠷ ᠰᠢᠷᠣᠢ ᠪᠣᠯᠭᠠᠵᠤ | ᠬᠤᠪᠢᠷᠠᠭᠤᠯᠤᠭᠰᠠᠨ ᠨᠥᠬᠦᠪᠥᠷᠢ ᠮᠥᠩᠭᠦ ᠶᠢᠨ ᠠᠰᠠᠭᠤᠳᠠᠯ ᠢ ᠰᠢᠢᠳᠪᠦᠷᠢᠯᠡᠬᠦ ᠠᠷᠭ᠎ᠠ | | ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠡᠦᠬᠡᠨ᠎ᠡ ᠦᠯᠡᠳᠡᠭᠳᠡᠵᠦ ᠢᠷᠡᠭᠰᠡᠨ ᠠᠰᠠᠭᠤᠳᠠᠯ ᠤᠳ ᠢ ᠲᠦᠷᠭᠡᠳᠬᠡᠨ | ᠰᠢᠢᠳᠪᠦᠷᠢᠯᠡᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ | ᠪᠠᠶᠢᠭᠠᠯᠢ ᠶᠢᠨ ᠡᠳ᠋ ᠬᠥᠷᠥᠩᠭᠡ ᠲᠠᠷᠬᠠᠭᠠᠭᠰᠠᠨ ﹇2011﹈ 1 ᠳ᠋ᠦ᠋ᠭᠡᠷ ᠲᠣᠭᠠᠲᠤ︶᠂ ︽ᠬᠤᠲᠠ | ᠪᠠᠯᠭᠠᠰᠤ ᠶᠢᠨ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ | ᠡᠷᠬᠡ ᠶᠢᠨ ᠬᠠᠷᠢᠶ᠎ᠠ ᠶᠢ ᠳᠠᠩᠰᠠᠯᠠᠬᠤ ᠵᠡᠷᠭᠡ ᠲᠡᠦᠬᠡᠨ᠎ᠡ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 95 ᠳ᠋ᠤᠭᠠᠷ ᠲᠣᠭᠠᠲᠤ︶᠂ ︽ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ | ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2011﹈ 4 ᠳ᠋ᠦ᠋ᠭᠡᠷ ᠲᠣᠭᠠᠲᠤ︶᠂ ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ | ᠲᠦᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2012﹈ 391 ᠳ᠋ᠦ᠋ᠭᠡᠷ ᠲᠣᠭᠠᠲᠤ︶ | ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠣᠲᠠ ᠶᠢᠨ ᠲᠥᠪ ᠪᠤᠰᠤ ᠭᠡᠷ ᠪᠠᠶᠢᠰᠢᠩ | ᠭᠠᠵᠠᠷ ᠰᠢᠷᠣᠢ ᠳᠡᠭᠡᠷᠡᠬᠢ ᠣᠷᠣᠨ ᠰᠠᠭᠤᠴᠠ ᠶᠢ ᠬᠤᠪᠢᠶᠠᠷᠢᠯᠠᠨ ᠰᠠᠯᠭᠠᠵᠤ ᠦᠭᠭᠦᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ | ᠮᠠᠨ ᠤ ᠬᠣᠲᠠ ᠶᠢᠨ ᠨᠡᠶᠢᠭᠡᠮ ᠦᠨ ᠡᠶ᠎ᠡ ᠵᠣᠬᠢᠴᠠᠯ ᠲᠠᠢ ᠪᠠᠶᠢᠬᠤ ᠶᠢ | ᠬᠠᠮᠠᠭᠠᠯᠠᠬᠤ ᠶᠢᠨ ᠲᠤᠰᠠᠳᠠ᠂ ᠲᠤᠰ ᠠᠷᠭ᠎ᠠ ᠶᠢ ᠲᠣᠭᠲᠠᠭᠠᠪᠠ᠃ | | ᠨᠢᠭᠡ᠂ ᠦᠨᠳᠦᠰᠦᠨ ᠵᠠᠷᠴᠢᠮ | | | ︵ᠨᠢᠭᠡ︶ ᠲᠡᠦᠬᠡ ᠶᠢ ᠬᠦᠨᠳᠦᠳᠭᠡᠵᠦ ᠦᠨᠡᠨ ᠠᠴᠠ ᠵᠥᠪ ᠢ ᠨᠢ ᠡᠷᠢᠯᠬᠢᠯᠡᠬᠦ ᠬᠡᠷᠡᠭᠲᠡᠢ ᠃ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ | ᠠᠵᠢᠯᠯᠠᠭ᠎ᠠ ᠶᠢᠨ ᠪᠣᠳᠠᠲᠠᠢ ᠡᠭᠦᠰᠬᠦ ᠦᠶ᠎ᠡ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠢᠴᠢ ᠮᠠᠨ ᠤ ᠬᠤᠲᠠ ᠶᠢᠨ | ᠵᠠᠰᠠᠭ ᠵᠠᠬᠢᠷᠭᠠᠨ ᠤ ᠬᠠᠮᠢᠶᠠᠷᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠲᠡᠦᠬᠡ ᠶᠢ ᠬᠦᠨᠳᠦᠳᠬᠡᠨ᠂ | ᠪᠣᠳᠠᠲᠤ ᠪᠠᠶᠢᠳᠠᠯ ᠳᠤ ᠬᠠᠨᠳᠤᠵᠤ᠂ ᠦᠨᠡᠨ ᠠᠴᠠ ᠵᠥᠪ ᠢ ᠡᠷᠢᠵᠦ᠂ ᠲᠣᠬᠢᠲᠠᠢ ᠰᠢᠢᠳᠪᠦᠷᠢᠯᠡᠬᠦ ᠬᠡᠷᠡᠭᠲᠡᠢ ᠃ | ︵ᠬᠤᠶᠠᠷ︶ ᠠᠷᠠᠳ ᠲᠤ ᠠᠰᠢᠭᠲᠠᠶ᠂ ᠥᠨᠳᠥᠷ ᠪᠦᠲᠦᠮᠵᠢᠲᠡᠶ ᠪᠥᠭᠡᠳ ᠪᠣᠳᠠᠲᠠᠶ ᠶᠢ ᠡᠷᠬᠢᠮᠯᠡᠬᠦ ᠬᠡᠷᠡᠭᠲᠡᠢ ᠃ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠰᠢᠢᠳᠪᠦᠷᠢᠯᠡᠨ ᠂ ᠣᠯᠠᠨ ᠲᠦᠮᠡᠨ ᠤ ᠲᠤᠯᠭᠠᠮ᠎ᠠ ᠬᠡᠷᠡᠭᠴᠡᠭᠡ ᠶᠢ ᠪᠣᠳᠣᠯᠬᠢᠯᠠᠵᠤ᠂ ᠭᠤᠤᠯ ᠪᠠ ᠲᠡᠳ᠋ ᠵᠥᠷᠢᠴᠡᠯ ᠢ | ᠡᠵᠡᠮᠰᠢᠨ᠂ ᠤᠯᠤᠰ᠂ ᠬᠠᠮᠲᠤ ᠨᠡᠶᠢᠲᠡ ᠪᠣᠯᠤᠨ ᠣᠯᠠᠨ ᠲᠦᠮᠡᠨ ᠤ ᠠᠰᠢᠭ ᠲᠤᠰᠠ ᠶᠢᠨ ᠬᠠᠷᠢᠴᠠᠭ᠎ᠠ ᠶᠢ ᠲᠣᠬᠢᠲᠠᠶ ᠰᠠᠶᠢᠲᠤᠷ | ᠰᠢᠢᠳᠪᠦᠷᠢᠯᠡᠵᠦ ᠂ ᠠᠷᠠᠳ ᠲᠤ ᠠᠰᠢᠭ ᠬᠦᠷᠲᠡᠭᠡᠵᠦ᠂ ᠣᠯᠠᠨ ᠲᠦᠮᠡᠨ ᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠢ | ᠭᠦᠢᠴᠡᠳᠬᠡᠬᠦ ᠳᠤ ᠳᠥᠭᠦᠮ ᠦᠵᠡᠭᠦᠯᠬᠦ ᠬᠡᠷᠡᠭᠲᠡᠢ ᠃ | ︵ᠭᠤᠷᠪᠠ︶ ᠴᠤᠪᠤᠷᠠᠯ ᠢ ᠰᠢᠯᠢᠳᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠷᠬᠡ ᠲᠡᠭᠰᠢ᠂ ᠲᠥᠪ ᠭᠤᠣᠯᠴᠢ ᠶᠢ ᠪᠠᠲᠤᠯᠠᠭᠰᠠᠨ ᠤᠷᠢᠲᠠᠯ | ᠳᠣᠣᠷ᠎ᠠ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠦᠢᠴᠡᠳᠬᠡᠬᠦ ᠶᠠᠪᠤᠴᠠ ᠶᠢ ᠰᠢᠯᠢᠳᠡᠭᠵᠢᠬᠦᠯᠪᠡ᠃ ᠭᠠᠵᠠᠷ | ᠰᠢᠷᠣᠶ ᠶᠢ ᠬᠢᠮᠳᠠ ᠪᠠᠷ ᠬᠤᠳᠠᠯᠳᠤᠭᠰᠠᠨ ᠮᠥᠩᠭᠦ ᠶᠢ ᠨᠥᠬᠦᠵᠦ ᠲᠤᠰᠢᠶᠠᠬᠤ ᠶᠢᠨ ᠦᠨᠡᠯᠡᠨ ᠵᠢᠱᠢᠬᠦ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠲᠥᠰᠦᠯ ᠢ | ᠮᠡᠳᠡᠭᠦᠯᠦᠨ ᠵᠥᠪᠰᠢᠶᠡᠷᠡᠭᠦᠯᠬᠦ ᠵᠡᠷᠭᠡ ᠵᠦᠢᠯ ᠤᠳ ᠢ ᠰᠢᠯᠢᠳᠡᠭᠵᠢᠭᠦᠯᠬᠦ ᠬᠡᠷᠡᠭᠲᠡᠶ᠃ | | | ᠬᠤᠶᠠᠷ᠂ ᠬᠡᠷᠡᠭᠯᠡᠬᠦ ᠬᠡᠪᠴᠢᠶ᠎ᠡ | | ︵ᠨᠢᠭᠡ︶ 2017 ᠣᠨ ᠤ 3 ᠰᠠᠷ᠎ᠠ ᠶᠢᠨ 1 ᠤ ᠡᠳᠦᠷ ᠠᠴᠠ ᠡᠮᠦᠨ᠎ᠡ᠂ ᠤᠯᠠᠭᠠᠨᠬᠠᠳᠠ ᠬᠤᠲᠠ ᠶᠢᠨ ᠬᠤᠲᠠ ᠶᠢᠨ ᠶᠡᠷᠦᠩᠬᠡᠢ ᠲᠥᠯᠥᠪᠵᠢᠭᠦᠯᠭᠡ ᠳᠤ | ᠲᠣᠭᠲᠠᠭᠠᠭᠰᠠᠨ ᠭᠤᠣᠯ ᠬᠤᠲᠠ ᠲᠣᠭᠤᠷᠢᠭ ︵ᠬᠠᠷᠠᠴᠢᠨ ᠬᠣᠰᠢᠭᠣᠨ ᠤ ᠾᠧ ᠮᠧᠢ ᠬᠦᠷᠢᠶᠡᠯᠡᠩ ᠲᠣᠭᠤᠷᠢᠭ᠂ ᠶᠤᠸᠠᠨ ᠪᠦᠦ ᠱᠠᠨ | ᠲᠣᠭᠤᠷᠢᠭ ᠤᠨ ᠮᠠ ᠯᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠᠭᠲᠠᠬᠤ ᠦᠭᠡᠢ᠃︶ ᠬᠦᠷᠢᠶ᠎ᠡ ᠬᠡᠪᠴᠢᠶᠡᠨ ᠳᠣᠲᠣᠷ᠎ᠠ᠂ ᠬᠤᠪᠢᠶᠠᠷᠢᠯᠠᠨ ᠥᠭᠭᠦᠭᠰᠡᠨ | ᠣᠷᠣᠨ ᠰᠠᠭᠤᠴᠠ ᠶᠢᠨ ᠪᠤᠰᠤ ᠭᠠᠵᠠᠷ ᠳᠡᠭᠡᠷ᠎ᠡ ᠨᠢᠭᠡᠨᠲᠡ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠣᠯᠤᠭᠰᠠᠨ ᠬᠥᠮᠦᠨ ᠪᠤᠶᠤ ᠬᠠᠤᠯᠢ ᠴᠠᠭᠠᠵᠠ ᠶᠢᠨ | ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠲᠣᠭᠲᠠᠭᠠᠭᠰᠠᠨ ᠰᠢᠯᠵᠢᠭᠦᠯᠦᠨ ᠠᠪᠤᠭᠰᠠᠨ ᠭᠡᠷ ᠪᠠᠶᠢᠰᠢᠩ ᠤᠨ ᠡᠷᠬᠡᠲᠦ ᠬᠥᠮᠦᠨ᠂ ᠭᠡᠷ ᠪᠠᠶᠢᠰᠢᠩ ᠭᠠᠵᠠᠷ ᠰᠢᠷᠣᠶ ᠶᠢ | ᠨᠢᠭᠡ ᠴᠤᠭᠴᠠᠵᠢᠭᠤᠯᠤᠭᠰᠠᠨ ᠵᠠᠷᠴᠢᠮ ᠶᠣᠰᠣᠭᠠᠷ᠂ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠲᠣᠬᠢᠷᠠᠯᠴᠠᠭᠰᠠᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ | ᠲᠣᠬᠢᠷᠠᠯᠴᠠᠬᠤ ᠭᠠᠷᠳᠠᠮ ᠢ ᠦᠨᠡᠨᠬᠦ ᠨᠥᠬᠦᠵᠦ ᠭᠦᠢᠴᠡᠳᠬᠡᠬᠦ ᠴᠢᠬᠤᠯᠠᠲᠠᠶ ᠪᠣᠯ ᠲᠡᠦᠬᠡᠨ ᠦᠯᠡᠳᠡᠭᠳᠡᠯ ᠠᠰᠠᠭᠤᠳᠠᠯ ᠪᠣᠯᠭᠠᠨ ᠲᠤᠰ ᠠᠷᠭ᠎ᠠ ᠶᠢ ᠬᠡᠷᠡᠭᠵᠢᠭᠦᠯᠦᠨ᠎ᠡ ᠃ | ᠡᠭᠦᠨ ᠳᠤ ᠭᠤᠤᠯᠳᠠᠭᠤ ᠪᠠᠭᠲᠠᠬᠤ ᠨᠢ᠄ | | | 1. ᠳᠠᠮᠫᠤᠷᠠᠭᠰᠠᠨ ᠠᠵᠤ ᠠᠬᠤᠶᠢᠯᠠᠯ ᠤᠨ ᠭᠡᠷ ᠪᠠᠶᠢᠰᠢᠩ ᠢ ᠰᠢᠢᠳᠪᠦᠷᠢᠯᠡᠬᠦ ᠪᠠᠷ ᠳᠠᠮᠵᠢᠭᠤᠯᠤᠨ ᠬᠤᠪᠢᠶᠠᠷᠢᠯᠠᠨ ᠥᠭᠭᠦᠭᠰᠡᠨ ᠭᠠᠵᠠᠷ | ᠰᠢᠷᠣᠶ ᠳᠡᠭᠡᠷᠡᠬᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠣᠯᠤᠭᠰᠠᠨ᠂ ᠭᠠᠵᠠᠷ ᠰᠢᠷᠣᠶ ᠬᠡᠷᠡᠭᠯᠡᠬᠦ ᠡᠷᠬᠡ ᠶᠢ ᠬᠢᠮᠳᠠ ᠪᠠᠷ ᠬᠤᠳᠠᠯᠳᠤᠬᠤ ᠭᠠᠷᠳᠠᠮ ᠢ ᠨᠥᠬᠦᠵᠦ | ᠭᠦᠢᠴᠡᠳᠬᠡᠬᠦ ᠪᠠᠷ ᠭᠤᠶᠤᠴᠢᠯᠠᠭᠰᠠᠨ ᠪᠠᠶᠢᠬᠤ ᠬᠡᠷᠡᠭᠲᠡᠢ ᠃ | 2. ᠤᠤᠯ ᠤᠨ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠬᠦ᠂ ᠬᠦᠴᠦᠨ | ᠦᠭᠡᠶ ᠪᠣᠯᠭᠠᠬᠤ ᠪᠠ ᠣᠯᠠᠨ ᠤᠳᠠᠭ᠎ᠠ ᠰᠢᠯᠵᠢᠭᠦᠯᠦᠨ ᠥᠭᠬᠦ ᠵᠡᠷᠭᠡ ᠰᠢᠯᠲᠠᠭᠠᠨ ᠠᠴᠠ ᠪᠣᠯᠵᠤ ᠭᠤᠶᠤᠴᠢᠯᠠᠯ ᠭᠠᠷᠭᠠᠵᠤ ᠳᠡᠶᠢᠯᠬᠦ ᠦᠭᠡᠶ ᠪᠠᠶᠢᠲᠠᠯ᠎ᠠ ᠣᠳᠣ ᠶᠢᠨ ᠭᠡᠷ | ᠪᠠᠶᠢᠰᠢᠩ ᠤᠨ ᠥᠮᠴᠢᠯᠡᠬᠦ ᠡᠷᠬᠡᠲᠦ ᠬᠥᠮᠦᠨ ᠤ ᠨᠢᠭᠡ ᠡᠲᠡᠭᠡᠳ ᠨᠢ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠲᠤᠰᠠᠭᠠᠷ ᠨᠢ | ᠭᠤᠶᠤᠴᠢᠯᠠᠨ ᠭᠦᠢᠴᠡᠳᠬᠡᠭᠰᠡᠨ ᠪᠠᠶᠢᠬᠤ ᠬᠡᠷᠡᠭᠲᠡᠢ᠃ | 3. ᠰᠢᠭᠦᠬᠦ ᠬᠤᠷᠢᠶ᠎ᠠ ᠪᠠᠷ ᠬᠢᠨᠠᠨ ᠲᠣᠭᠲᠠᠭᠠᠯᠭᠠᠭᠰᠠᠨ ᠪᠤᠶᠤ ᠦᠨ᠎ᠡ ᠬᠠᠶᠠᠨ ᠬᠤᠳᠠᠯᠳᠤᠭᠠᠳ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠡᠭᠡᠷᠡᠬᠢ ᠥᠮᠴᠢᠯᠡᠬᠦ | ᠡᠷᠬᠡ ᠲᠠᠢ ᠬᠥᠮᠦᠨ ᠪᠤᠶᠤ ᠰᠢᠯᠵᠢᠭᠦᠯᠦᠨ ᠠᠪᠤᠭᠴᠢ ᠳᠤ ᠭᠠᠵᠠᠷ ᠰᠢᠷᠣᠶ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠵᠦ ᠭᠦᠢᠴᠡᠳᠬᠡᠯᠭᠡᠬᠦ ᠪᠠᠷ | ᠭᠤᠶᠤᠴᠢᠯᠠᠭᠰᠠᠨ ᠪᠠᠶᠢᠬᠤ ᠬᠡᠷᠡᠭᠲᠡᠢ᠃ | 4. ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠡᠭᠡᠷ᠎ᠡ ᠨᠢᠭᠡᠨᠲᠡ ᠰᠠᠯᠭᠠᠵᠤ ᠳᠠᠩᠰᠠᠯᠠᠭᠤᠯᠤᠭᠰᠠᠨ ᠭᠡᠷ ᠪᠠᠶᠢᠰᠢᠩ ᠢ ᠤᠯᠤᠰ ᠤᠨ ᠥᠮᠴᠢᠯᠡᠯᠲᠦ ᠡᠳ᠋ ᠬᠥᠷᠥᠩᠭᠡ | ᠪᠣᠯᠭᠠᠨ ᠬᠤᠪᠢᠶᠠᠷᠢᠯᠠᠨ ᠰᠢᠯᠵᠢᠭᠦᠯᠵᠦ᠂ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭ᠎ᠠ ᠭᠠᠵᠠᠷ ᠰᠢᠷᠣᠶ ᠶᠢᠨ ᠬᠡᠷᠡᠭᠴᠡᠭᠡ ᠨᠢ ︽ᠬᠤᠪᠢᠶᠠᠷᠢᠯᠠᠨ ᠥᠭᠭᠦᠭᠰᠡᠨ ᠬᠡᠷᠡᠭᠯᠡᠬᠦ | ᠭᠠᠵᠠᠷ ᠤᠨ ᠬᠠᠭᠤᠳᠠᠰᠦ ︾ ᠳᠤ ᠨᠡᠶᠢᠴᠡᠬᠦ ᠦᠭᠡᠶ᠂ ᠡᠳ᠋ ᠬᠥᠷᠥᠩᠭᠡ ᠨᠢ ᠰᠢᠯᠵᠢᠭᠦᠯᠦᠨ ᠣᠷᠣᠭᠤᠯᠤᠭᠰᠠᠨ ᠨᠢᠭᠡᠴᠢ ᠶᠢᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ | ᠰᠢᠯᠵᠢᠭᠦᠯᠦᠨ ᠥᠭᠬᠦ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠭᠰᠠᠨ ᠪᠠᠶᠢᠬᠤ ᠬᠡᠷᠡᠭᠲᠡᠢ ᠃ | 5. ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ ᠪᠠᠷ ᠳᠠᠮᠵᠢᠨ ᠣᠯᠤᠭᠰᠠᠨ ᠬᠤᠪᠢᠶᠠᠷᠢᠯᠠᠨ ᠥᠭᠭᠦᠭᠰᠡᠨ ᠭᠠᠵᠠᠷ | ᠰᠢᠷᠣᠶ ᠳᠡᠭᠡᠷᠡᠬᠢ ᠭᠡᠷ ᠪᠠᠶᠢᠰᠢᠩ ᠢ ᠭᠡᠷ ᠪᠠᠶᠢᠰᠢᠩ ᠰᠢᠯᠵᠢᠭᠦᠯᠦᠨ ᠠᠪᠤᠭᠴᠢ ᠭᠠᠵᠠᠷ ᠰᠢᠷᠣᠶ ᠶᠢᠨ ᠬᠡᠷᠡᠭᠯᠡᠯᠲᠡ ᠶᠢᠨ ᠡᠷᠬᠡ ᠶᠢ ᠬᠢᠮᠳᠠ ᠪᠠᠷ ᠬᠤᠳᠠᠯᠳᠤᠬᠤ ᠭᠠᠷᠳᠠᠮ ᠢ | ᠨᠥᠬᠦᠵᠦ ᠭᠦᠢᠴᠡᠳᠬᠡᠬᠦ ᠪᠠᠷ ᠭᠤᠶᠤᠴᠢᠯᠠᠭᠰᠠᠨ ᠪᠠᠶᠢᠬᠤ ᠬᠡᠷᠡᠭᠲᠡᠢ ᠃ | 6. ᠪᠤᠰᠤᠳ ᠲᠡᠤᠬᠡ ᠶᠢᠨ ᠰᠢᠯᠲᠠᠭᠠᠨ ᠠᠴᠠ ᠪᠣᠯᠵᠣ ᠬᠤᠪᠢᠶᠠᠷᠢᠯᠠᠨ ᠥᠭᠬᠦ ᠨᠥᠬᠦᠴᠡᠯ ᠳᠤ ᠨᠡᠶᠢᠴᠡᠬᠦ ᠥᠬᠡᠶ ᠪᠣᠯ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ | ᠰᠢᠯᠵᠢᠭᠦᠯᠦᠨ ᠥᠭᠬᠦ ᠭᠠᠷᠳᠠᠮ ᠢ ᠨᠥᠬᠦᠨ ᠭᠦᠢᠴᠡᠳᠬᠡᠬᠦ ᠴᠢᠬᠤᠯᠠᠲᠠᠶ ᠃ | ︵ᠬᠤᠶᠠᠷ︶ ᠳᠣᠤᠷᠠᠬᠢ ᠪᠠᠶᠢᠳᠠᠯ ᠳᠤ ᠲᠤᠰ ᠠᠷᠭ᠎ᠠ ᠶᠢ ᠬᠡᠷᠡᠭᠯᠡᠬᠦ ᠦᠭᠡᠶ᠂ ᠨᠢᠭᠡᠨᠲᠡ ᠪᠠᠶᠢᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠬᠦ | ᠬᠡᠷᠡᠭᠲᠡᠶ᠃ | 1. ᠬᠤᠪᠢᠶᠠᠷᠢᠯᠠᠨ ᠥᠭᠭᠦᠭᠰᠡᠨ ᠣᠷᠣᠨ ᠰᠠᠭᠤᠴᠠ ᠶᠢᠨ ᠬᠡᠷᠡᠭᠯᠡᠬᠦ ᠭᠠᠵᠠᠷ ᠳᠡᠭᠡᠷᠡᠬᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠣᠷᠣᠨ ᠰᠠᠭᠤᠴᠠ ᠶᠢᠨ ᠪᠤᠰᠤ ᠭᠡᠷ | ᠪᠠᠶᠢᠰᠢᠩ ᠢᠶᠠᠷ ᠲᠡᠮᠳᠡᠭᠯᠡᠭᠦᠯᠬᠦ ᠳᠤ᠂ ᠤᠤᠯ ᠤᠨ ᠬᠤᠪᠢᠶᠠᠷᠢᠯᠠᠨ ᠥᠭᠭᠦᠭᠰᠡᠨ ᠬᠡᠷᠡᠭᠴᠡᠭᠡ ᠪᠠ ᠤᠤᠯ ᠤᠨ ᠭᠡᠷ ᠪᠠᠶᠢᠰᠢᠩ ᠢ ᠳᠠᠩᠰᠠᠯᠠᠨ ᠲᠡᠮᠳᠡᠭᠯᠡᠭᠰᠡᠨ ᠬᠡᠷᠡᠭᠴᠡᠭᠡ ᠪᠠᠷ | ᠦᠨᠡᠨ ᠪᠣᠳᠠᠲᠠᠶ ᠡᠷᠬᠡᠲᠦ ᠬᠥᠮᠦᠨ ᠢᠶᠠᠷ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠢ ᠭᠦᠢᠴᠡᠳᠬᠡᠬᠦ ᠬᠡᠷᠡᠭᠲᠡᠢ ᠃ | 2. ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠨᠢᠭᠡᠳᠦᠯᠲᠡᠶ ᠳᠠᠩᠰᠠᠯᠠᠬᠤ ᠬᠤᠯᠪᠣᠭᠳᠠᠯ ᠪᠥᠬᠦᠶ | ᠵᠦᠢᠯᠡᠰ ᠤᠨ ᠲᠤᠬᠠᠶ ᠤᠯᠤᠰ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ︵ᠤᠯᠤᠰ ᠤᠨ ᠬᠠᠮᠢᠶᠠᠷᠤᠯᠲᠠ ᠶᠢᠨ ᠬᠡᠷ | ᠪᠠᠶᠢᠰᠢᠩ ᠭᠠᠵᠠᠷ ᠰᠢᠷᠣᠶ︹2020︺267 ᠳ᠋ᠤᠭᠠᠷ ᠲᠣᠭᠠᠲᠤ︶ ᠪᠠ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ | ᠡᠷᠬᠡ ᠶᠢᠨ ᠬᠠᠷᠢᠶᠠᠯᠠᠯ ᠢ ᠨᠢᠭᠡᠳᠦᠯᠲᠡᠶ ᠳᠠᠩᠰᠠᠯᠠᠬᠤ ᠲᠤᠬᠠᠶ ᠡᠳ᠋ ᠤᠨ ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠡᠳ᠋ ᠭᠠᠶᠢᠯᠢ ︹2020︺40 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠬᠠᠷᠢᠶᠠᠯᠠᠭᠳᠠᠬᠤ ᠭᠠᠵᠠᠷ ᠰᠢᠷᠣᠶ ᠪᠤᠶᠤ ᠭᠠᠵᠠᠷ ᠰᠢᠷᠣᠶ ᠳᠡᠭᠡᠷᠡᠬᠢ ᠭᠡᠷ | ᠪᠠᠶᠢᠰᠢᠩ ᠨᠢ ᠡᠵᠡᠩᠨᠡᠯᠲᠡ ᠶᠢᠨ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠲᠠᠢ ᠪᠣᠯ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ | ᠡᠷᠬᠡ ᠶᠢᠨ ᠬᠠᠷᠢᠶᠠᠯᠠᠯ ᠢ ᠨᠢᠭᠡᠳᠦᠯᠲᠡᠶ ᠲᠡᠮᠳᠡᠭᠯᠡᠬᠦ ᠦᠶ᠎ᠡ ᠳᠤ ᠭᠠᠵᠠᠷ ᠰᠢᠷᠣᠶ ᠳᠤ ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠦᠯᠡᠳᠡᠭᠡᠵᠦ᠂ | ᠦᠷᠭᠦᠯᠵᠢᠯᠡᠨ ᠤᠤᠯ ᠤᠨ ᠲᠡᠮᠳᠡᠭᠯᠡᠭᠰᠡᠨ ᠬᠡᠷ ᠪᠠᠶᠢᠰᠢᠩ᠂ ᠭᠠᠵᠠᠷ ᠰᠢᠷᠣᠶ ᠶᠢᠨ ᠬᠡᠷᠡᠭᠴᠡᠭᠡ ᠪᠠᠷ ᠳᠠᠩᠰᠠᠯᠠᠭᠤᠯᠪᠠ᠃ ᠡᠷᠬᠡ ᠶᠢᠨ | ᠬᠠᠷᠢᠶ᠎ᠠ ᠶᠢ ᠨᠢᠭᠡᠳᠦᠯᠲᠡᠶ ᠳᠠᠩᠰᠠᠯᠠᠬᠤ ᠶᠢ ᠪᠡᠶᠡᠯᠡᠭᠦᠯᠦᠭᠰᠡᠨ ᠭᠠᠵᠠᠷ ᠰᠢᠷᠣᠶ ᠳᠡᠭᠡᠷᠡᠬᠢ ᠡᠵᠡᠩᠨᠡᠯᠲᠡ ᠶᠢᠨ ᠪᠤᠰᠤ ᠴᠢᠨᠠᠷᠲᠠᠶ ᠭᠡᠷ ᠪᠠᠶᠢᠰᠢᠩ ᠤᠨ ᠡᠷᠬᠡ ᠠᠰᠢᠭ ᠨᠢ | ᠰᠢᠯᠵᠢᠭᠰᠡᠨ ᠦᠶ᠎ᠡ ᠳᠤ᠂ ᠲᠤᠰ ᠠᠷᠭ᠎ᠠ ᠶᠢᠨ ᠶᠣᠰᠣᠭᠠᠷ ᠭᠠᠵᠠᠷ ᠰᠢᠷᠣᠶ ᠬᠤᠳᠠᠯᠳᠤᠭᠰᠠᠨ ᠮᠥᠩᠭᠦ ᠶᠢ ᠨᠢ ᠨᠥᠬᠦᠵᠦ ᠲᠤᠰᠢᠶᠠᠭᠰᠠᠨ ᠪᠠᠶᠢᠬᠤ ᠬᠡᠷᠡᠭᠲᠡᠢ᠃ | | ᠭᠤᠷᠪᠠ᠂ ᠰᠢᠢᠳᠪᠦᠷᠢᠯᠡᠬᠦ ᠠᠷᠭ᠎ᠠ | ︵ᠨᠢᠭᠡ︶ ᠭᠠᠵᠠᠷ ᠰᠢᠷᠤᠢ ᠶᠢᠨ ᠡᠷᠬᠡ ᠶᠢᠨ ᠬᠠᠷᠢᠶᠠᠯᠠᠯ ᠤᠨ ᠲᠠᠯᠠᠪᠠᠢ ᠶᠢ ᠳᠤᠭᠲᠠᠭᠠᠬᠤ | ᠴᠡᠭᠴᠡᠯᠡᠨ ᠬᠤᠪᠢᠶᠠᠷᠢᠯᠠᠵᠤ ᠥᠭᠭᠦᠭᠰᠡᠨ ᠭᠠᠵᠠᠷ ᠰᠢᠷᠣᠶ ᠶᠢ ᠰᠢᠯᠵᠢᠭᠦᠯᠦᠨ ᠥᠭᠬᠦ ᠨᠥᠬᠦᠴᠡᠯ ᠳᠤ ᠨᠡᠶᠢᠴᠡᠬᠦ ᠪᠣᠯᠪᠠᠴᠤ ᠡᠷᠬᠡᠲᠦ ᠬᠥᠮᠦᠨ᠂ ᠬᠡᠷᠡᠭᠯᠡᠯᠲᠡ ᠨᠢ | ᠨᠢᠭᠡᠳᠦᠯᠲᠡᠶ ᠪᠤᠰᠤ ᠪᠠᠶᠢᠪᠠᠯ᠂ ᠵᠠᠷᠴᠢᠮ ᠳᠡᠭᠡᠷ᠎ᠡ ᠪᠠᠨ ᠬᠠᠮᠲᠤ ᠪᠠᠷ ᠬᠡᠷᠡᠭᠯᠡᠬᠦ ᠬᠡᠰᠡᠭ ᠭᠠᠵᠠᠷ ᠶᠣᠰᠣᠭᠠᠷ ᠰᠢᠢᠳᠪᠦᠷᠢᠯᠡᠬᠦ ᠶᠢᠨ ᠬᠠᠮᠲᠤ | ᠭᠡᠷ ᠪᠠᠶᠢᠰᠢᠩ ᠳᠠᠩᠰᠠᠯᠠᠭᠰᠠᠨ ᠪᠠᠷᠢᠯᠭ᠎ᠠ ᠶᠢᠨ ᠲᠠᠯᠠᠪᠠᠶ ᠶᠢ ᠦᠨᠳᠦᠰᠦᠯᠡᠨ ᠭᠠᠵᠠᠷ ᠰᠢᠷᠣᠶ ᠶᠢᠨ ᠲᠠᠯᠠᠪᠠᠶ ᠶᠢ ᠨᠢ ᠲᠣᠭᠠᠴᠠᠨ ᠪᠣᠳᠣᠵᠤ ᠲᠡᠰᠬᠡᠨ ᠨᠣᠭᠳᠠᠭᠤᠯᠬᠤ | ᠬᠡᠷᠡᠭᠲᠡᠶ᠃ | ᠬᠤᠪᠢᠶᠠᠷᠢᠯᠠᠨ ᠥᠭᠭᠦᠭᠰᠡᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯᠯᠠᠬᠤ ᠵᠡᠷᠭᠡ ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠳᠡᠭᠡᠷᠡᠬᠢ | ᠭᠡᠷ ᠪᠠᠶᠢᠰᠢᠩ ᠨᠢ ᠨᠢᠭᠡᠨᠲᠡ ᠭᠡᠷ ᠪᠠᠶᠢᠰᠢᠩ ᠳᠠᠩᠰᠠᠯᠠᠭᠤᠯᠬᠤ ᠪᠠᠨ ᠬᠤᠳᠠᠯᠳᠤᠭ᠎ᠠ᠂ ᠣᠷᠣᠨ ᠰᠠᠭᠤᠴᠠ ᠵᠡᠷᠭᠡ ᠬᠡᠷᠡᠭᠴᠡᠭᠡ ᠳᠤ ᠬᠡᠷᠡᠭᠯᠡᠬᠦ ᠪᠠᠷ ᠳᠠᠩᠰᠠᠯᠠᠭᠤᠯᠵᠤ᠂ | ᠭᠠᠵᠠᠷ ᠰᠢᠷᠣᠶ ᠶᠢ ᠰᠠᠯᠭᠠᠬᠤ ᠴᠢᠬᠤᠯᠠᠲᠠᠶ ᠪᠠᠶᠢᠪᠠᠯ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠠᠮᠤᠷ ᠲᠦᠪᠰᠢᠨ ᠵᠡᠷᠭᠡ ᠬᠡᠷᠡᠭᠴᠡᠭᠡ ᠱᠠᠭᠠᠷᠳᠠᠯᠭ᠎ᠠ ᠶᠢ | ᠬᠠᠩᠭᠠᠭᠰᠠᠨ ᠰᠠᠭᠤᠷᠢᠨ ᠳᠡᠭᠡᠷ᠎ᠡ᠂ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠠᠴᠠ ᠰᠠᠯᠭᠠᠬᠤ ᠲᠥᠰᠦᠯ ᠲᠣᠭᠲᠠᠭᠠᠵᠤ᠂ ᠵᠠᠭᠠᠭ | ᠱᠤᠭᠤᠮ ᠢ ᠲᠣᠳᠣᠷᠬᠠᠶ ᠲᠣᠭᠲᠠᠭᠠᠬᠤ ᠶᠢᠨ ᠬᠠᠮᠲᠤ ᠬᠠᠮᠢᠶ᠎ᠠ ᠪᠦᠬᠦᠢ ᠡᠷᠬᠡᠲᠦ ᠬᠥᠮᠦᠨ ᠢᠶᠠᠷ ᠵᠥᠪᠰᠢᠶᠡᠷᠡᠭᠦᠯᠬᠦ ᠬᠡᠷᠡᠭᠲᠡᠶ᠃ ᠤᠤᠯ ᠤᠨ ᠣᠯᠠᠨ ᠨᠡᠶᠢᠲᠡ ᠶᠢᠨ ᠰᠠᠭᠤᠷᠢ | ᠢᠵᠢ ᠪᠦᠷᠢᠳᠦᠭᠦᠯᠬᠦ ᠪᠡᠯᠡᠳᠬᠡᠮᠵᠢ᠂ ᠭᠠᠵᠠᠷ ᠳᠣᠤᠷᠠᠬᠢ ᠬᠤᠭᠤᠯᠠᠶ ᠱᠤᠭᠤᠮ᠂ ᠨᠡᠪᠲᠡᠷᠡᠬᠦ ᠵᠠᠮ ᠵᠡᠷᠭᠡ ᠶᠢᠨ ᠤᠤᠯ ᠪᠠᠶᠢᠳᠠᠯ ᠢ ᠪᠠᠲᠤᠯᠠᠬᠤ ᠬᠡᠷᠡᠭᠲᠡᠶ᠂ ᠭᠠᠵᠠᠷ | ᠰᠢᠷᠣᠶ ᠶᠢᠨ ᠡᠷᠬᠡ ᠶᠢᠨ ᠬᠠᠷᠢᠶᠠᠯᠠᠯ ᠢ ᠰᠠᠯᠭᠠᠭᠰᠠᠨ ᠠᠴᠠ ᠪᠣᠯᠵᠤ ᠳᠤᠷ᠎ᠠ ᠪᠠᠷ ᠢᠶᠠᠨ ᠥᠭᠡᠷᠡᠴᠢᠯᠡᠵᠦ᠂ ᠳᠤᠷ᠎ᠠ ᠪᠠᠷ ᠢᠶᠠᠨ ᠬᠦᠷᠢᠶ᠎ᠡ ᠬᠠᠰᠢᠶ᠎ᠠ ᠪᠠᠶᠢᠭᠤᠯᠵᠤ ᠪᠣᠯᠬᠤ | ᠦᠭᠡᠶ᠃ ᠭᠠᠵᠠᠷ ᠰᠢᠷᠣᠶ ᠶᠢ ᠬᠤᠪᠢᠶᠠᠷᠢᠯᠠᠭᠰᠠᠨ ᠤ ᠳᠠᠷᠠᠭ᠎ᠠ᠂ ᠬᠡᠰᠡᠭ ᠭᠠᠵᠠᠷ ᠤᠨ ᠳᠣᠲᠣᠷᠠᠬᠢ ᠭᠡᠷ ᠪᠠᠶᠢᠰᠢᠩ ᠳᠠᠩᠰᠠᠯᠠᠬᠤ ᠬᠡᠷᠡᠭᠴᠡᠭᠡ᠂ ᠡᠷᠬᠡᠲᠦ ᠬᠥᠮᠦᠨ ᠨᠢ | ᠨᠢᠭᠡᠳᠦᠯ ᠦᠭᠡᠶ ᠪᠠᠶᠢᠪᠠᠯ᠂ ᠬᠠᠮᠲᠤ ᠪᠠᠷ ᠬᠡᠷᠡᠭᠯᠡᠬᠦ ᠬᠡᠰᠡᠭ ᠭᠠᠵᠠᠷ ᠤᠨ ᠶᠣᠰᠣᠭᠠᠷ ᠰᠢᠢᠳᠪᠦᠷᠢᠯᠡᠬᠦ ᠶᠢᠨ ᠬᠠᠮᠲᠤ ᠭᠡᠷ ᠪᠠᠶᠢᠰᠢᠩ | ᠳᠠᠩᠰᠠᠯᠠᠬᠤ ᠪᠠᠷᠢᠯᠭ᠎ᠠ ᠶᠢᠨ ᠲᠠᠯᠠᠪᠠᠶ ᠶᠢ ᠦᠨᠳᠦᠰᠦᠯᠡᠨ ᠭᠠᠵᠠᠷ ᠰᠢᠷᠣᠶ ᠶᠢᠨ ᠲᠠᠯᠠᠪᠠᠶ ᠶᠢ ᠲᠡᠰᠬᠡᠨ ᠨᠣᠭᠳᠠᠭᠤᠯᠬᠤ ᠬᠡᠷᠡᠭᠲᠡᠶ᠃ ᠭᠡᠷ ᠪᠠᠶᠢᠰᠢᠩ ᠢ ᠣᠷᠣᠨ ᠰᠠᠭᠤᠴᠠ | ᠪᠣᠯᠭᠠᠨ ᠳᠠᠩᠰᠠᠯᠠᠭᠰᠠᠨ ᠪᠣᠯ᠂ ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠦᠷᠭᠦᠯᠵᠢᠯᠡᠨ ᠦᠯᠡᠳᠡᠭᠡᠵᠦ᠂ ᠤᠤᠯ ᠤᠨ ᠭᠠᠵᠠᠷ ᠰᠢᠷᠣᠶ ᠶᠢᠨ | ᠬᠡᠷᠡᠭᠴᠡᠭᠡ ᠪᠠᠷ ᠳᠠᠩᠰᠠᠯᠠᠨ ᠲᠡᠮᠳᠡᠭᠯᠡᠬᠦ ᠬᠡᠷᠡᠭᠲᠡᠶ᠃ | ᠰᠤᠷᠭᠠᠨ ᠬᠥᠮᠦᠵᠢᠯ᠂ ᠡᠮ ᠡᠮᠨᠡᠯᠭᠡ ᠳᠤ ᠬᠡᠷᠡᠭᠯᠡᠬᠦ ᠭᠠᠵᠠᠷ ᠤᠨ ᠪᠦᠬᠦᠯᠢ ᠴᠣᠭᠴᠠ ᠶᠢᠨ ᠬᠡᠷᠡᠭᠯᠡᠬᠦ ᠴᠢᠳᠠᠮᠵᠢ ᠶᠢ ᠪᠠᠲᠤᠯᠠᠬᠤ ᠶᠢᠨ ᠲᠤᠰᠠᠳᠠ᠂ ᠭᠠᠵᠠᠷ ᠰᠢᠷᠣᠶ ᠶᠢᠨ | ᠡᠷᠬᠡ ᠶᠢᠨ ᠬᠠᠷᠢᠶᠠᠯᠠᠯ ᠢ ᠬᠤᠪᠢᠶᠠᠬᠤ ᠳᠤ ᠭᠠᠵᠠᠷ ᠰᠢᠷᠣᠶ ᠬᠡᠷᠡᠭᠯᠡᠬᠦ ᠡᠷᠬᠡᠲᠦ ᠬᠥᠮᠦᠨ ᠤ ᠬᠠᠷᠢᠶᠠᠯᠠᠭᠳᠠᠬᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃ | ︵ᠬᠤᠶᠠᠷ︶ ᠭᠠᠵᠠᠷ ᠰᠢᠷᠤᠢ ᠶᠢᠨ ᠬᠡᠷᠡᠭᠯᠡᠯᠲᠡ ᠶᠢ ᠲᠤᠭᠳᠠᠭᠠᠬᠤ | ᠭᠡᠷ ᠪᠠᠶᠢᠰᠢᠩ ᠭᠠᠵᠠᠷ ᠬᠥᠷᠥᠩᠭᠡ ᠶᠢᠨ ᠡᠷᠬᠡ ᠠᠰᠢᠭ ᠢ ᠨᠢᠭᠡᠳᠦᠯᠲᠡᠶ ᠪᠠᠶᠢᠯᠭᠠᠬᠤ ᠵᠠᠷᠴᠢᠮ ᠤᠨ ᠶᠣᠰᠣᠭᠠᠷ᠂ ᠭᠡᠷ ᠪᠠᠶᠢᠰᠢᠩ ᠳᠠᠩᠰᠠᠯᠠᠬᠤ ᠬᠡᠷᠡᠭᠯᠡᠮᠵᠢ ᠶᠢᠨ ᠶᠣᠰᠣᠭᠠᠷ | ᠭᠠᠵᠠᠷ ᠰᠢᠷᠣᠶ ᠶᠢᠨ ᠬᠡᠷᠡᠭᠴᠡᠭᠡ ᠶᠢ ᠲᠣᠭᠲᠠᠭᠠᠵᠤ᠂ ᠰᠢᠯᠵᠢᠭᠦᠯᠦᠨ ᠥᠭᠭᠦᠭᠰᠡᠨ ᠤ ᠳᠠᠷᠠᠭ᠎ᠠ ᠭᠠᠵᠠᠷ ᠰᠢᠷᠣᠶ ᠶᠢᠨ ᠬᠡᠷᠡᠭᠯᠡᠯᠲᠡ ᠬᠢᠭᠡᠳ ᠣᠳᠣ ᠶᠢᠨ ᠬᠡᠷᠡᠭᠵᠢᠭᠦᠯᠵᠦ | ᠪᠠᠶᠢᠭ᠎ᠠ ᠭᠠᠵᠠᠷ ᠰᠢᠷᠣᠶ ᠶᠢᠨ ᠬᠡᠷᠡᠭᠴᠡᠭᠡᠨ ᠤ ᠲᠥᠷᠥᠯ ᠬᠤᠪᠢᠶᠠᠬᠤ ᠪᠠᠷᠢᠮᠵᠢᠶ᠎ᠠ ᠨᠢ ᠲᠣᠬᠢᠷᠠᠯᠴᠠᠬᠤ ᠦᠭᠡᠶ ᠪᠣᠯ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ | ᠰᠢᠷᠣᠶ ᠶᠢᠨ ᠬᠡᠷᠡᠭᠴᠡᠭᠡᠨ ᠤ ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ ᠬᠠᠷᠢᠶᠠᠯᠠᠭᠳᠠᠬᠤ ᠭᠠᠵᠠᠷ ᠤᠨ ᠲᠥᠷᠥᠯ ᠢᠶᠠᠨ ᠳᠠᠬᠢᠵᠤ ᠲᠣᠭᠲᠠᠭᠠᠬᠤ ᠬᠡᠷᠡᠭᠲᠡᠶ᠃ | ︵ᠭᠤᠷᠪᠠ︶ ᠭᠠᠵᠠᠷ ᠰᠢᠷᠤᠢ ᠬᠡᠷᠡᠭᠯᠡᠬᠦ ᠡᠷᠬᠡ ᠶᠢ ᠰᠢᠯᠵᠢᠬᠦᠯᠤᠨ ᠦᠭᠭᠦᠭᠰᠡᠨ ᠠᠩᠬᠠᠨ ᠤ ᠡᠳᠦᠷ ᠢ ᠲᠣᠭᠲᠠᠭᠠᠬᠤ | ᠭᠠᠵᠠᠷ ᠰᠢᠷᠣᠢ ᠠᠰᠢᠭᠯᠠᠬᠤ ᠡᠷᠬᠡ ᠶᠢ ᠭᠠᠷᠭᠠᠵᠤ ᠥᠭᠬᠦ ᠵᠢᠯ ᠤᠨ ᠬᠤᠭᠤᠴᠠᠭ᠎ᠠ ᠶᠢ ᠤᠭ ᠭᠠᠵᠠᠷ ᠳᠡᠭᠡᠷᠡᠬᠢ ᠭᠡᠷ ᠪᠠᠶᠢᠰᠢᠩ ᠢ ᠠᠩᠬ᠎ᠠ ᠤᠳᠠᠭ᠎ᠠ ᠰᠢᠯᠵᠢᠭᠦᠯᠵᠦ | ᠪᠦᠷᠢᠳᠬᠡᠭᠦᠯᠦᠭᠰᠡᠨ ᠡᠳᠦᠷ ᠠᠴᠠ ᠡᠬᠢᠯᠡᠵᠦ ᠪᠣᠳᠣᠨ᠎ᠠ᠃ ᠭᠡᠷ ᠪᠠᠶᠢᠰᠢᠩ ᠢ ᠨᠢᠭᠡᠨᠲᠡ ᠲᠠᠷᠠᠬᠠᠶ ᠪᠠᠷ ᠳᠠᠩᠰᠠᠯᠠᠭᠤᠯᠤᠭᠰᠠᠨ ᠪᠠᠶᠢᠪᠠᠯ᠂ ᠭᠡᠷ ᠪᠠᠶᠢᠰᠢᠩ ᠤᠨ ᠥᠮᠴᠢᠯᠡᠬᠦ | ᠡᠷᠬᠡ ᠨᠢ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠵᠢᠯ ᠤᠨ ᠬᠤᠭᠤᠴᠠᠭ᠎ᠠ ᠶᠢ ᠡᠯ᠎ᠡ ᠢᠵᠢ ᠭᠡᠷ ᠪᠠᠶᠢᠰᠢᠩ ᠤᠨ ᠥᠮᠴᠢᠯᠡᠬᠦ ᠡᠷᠬᠡ ᠶᠢᠨ | ᠬᠠᠷᠢᠶᠠᠯᠠᠯ ᠢ ᠰᠢᠯᠵᠢᠭᠦᠯᠬᠦ ᠳᠠᠩᠰᠠᠯᠠᠯᠲᠠ ᠶᠢ ᠠᠩᠬ᠎ᠠ ᠤᠳᠠᠭ᠎ᠠ ᠭᠦᠢᠴᠡᠳᠬᠡᠭᠰᠡᠨ ᠡᠳᠦᠷ ᠠᠴᠠ ᠡᠬᠢᠯᠡᠵᠦ ᠪᠣᠳᠣᠨ᠎ᠠ᠃ ᠭᠡᠷ ᠪᠠᠶᠢᠰᠢᠩ ᠤᠨ ᠥᠮᠴᠢᠯᠡᠬᠦ ᠡᠷᠬᠡ ᠨᠢ | ᠰᠢᠯᠵᠢᠭᠦᠯᠬᠦ ᠳᠠᠩᠰᠠᠯᠠᠯᠲᠠ ᠬᠢᠯᠭᠡᠭᠰᠡᠨ ᠦᠭᠡᠢ᠂ ᠭᠡᠪᠡᠴᠦ ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ | ᠬᠤᠪᠢᠶᠠᠷᠢᠯᠠᠨ ᠥᠭᠬᠦ ᠨᠥᠬᠦᠴᠡᠯ ᠳᠤ ᠨᠡᠶᠢᠴᠡᠬᠦ ᠦᠭᠡᠢ ᠭᠡᠵᠦ ᠲᠣᠳᠤᠷᠬᠠᠶᠢᠯᠠᠪᠠᠯ᠂ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠣᠨ ᠤ | ᠬᠤᠭᠤᠴᠠᠭ᠎ᠠ ᠶᠢ ᠪᠢᠴᠢᠭ ᠮᠠᠲ᠋ᠧᠷᠢᠶᠠᠯ ᠤᠨ ᠬᠢᠨᠠᠨ ᠣᠯᠭᠤᠭᠰᠠᠨ ᠴᠠᠭ ᠠᠴᠠ ᠡᠬᠢᠯᠡᠵᠦ ᠪᠣᠳᠣᠨ᠎ᠠ᠃ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠣᠨ ᠤ | ᠬᠤᠭᠤᠴᠠᠭ᠎ᠠ ᠶᠢ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠤᠨ᠎ᠠ᠂ ᠬᠤᠳᠠᠯᠳᠤᠭᠠᠨ ᠤ ᠬᠡᠷᠡᠭᠯᠡᠬᠦ ᠭᠠᠵᠠᠷ ᠢ ᠬᠠᠮᠤᠭ ᠤᠨ ᠥᠨᠳᠥᠷ ᠲᠡᠭᠡᠨ 40 ᠵᠢᠯ ᠠᠴᠠ | ᠬᠡᠲᠦᠷᠡᠭᠦᠯᠵᠦ ᠪᠣᠯᠬᠤ ᠦᠭᠡᠶ᠂ ᠪᠤᠰᠤᠳ ᠬᠡᠷᠡᠭᠯᠡᠬᠦ ᠭᠠᠵᠠᠷ ᠢ ᠬᠠᠮᠤᠭ ᠤᠨ ᠥᠨᠳᠥᠷ ᠲᠡᠭᠡᠨ 50 ᠵᠢᠯ ᠠᠴᠠ ᠬᠡᠲᠦᠷᠡᠭᠦᠯᠵᠦ ᠪᠣᠯᠬᠤ ᠦᠭᠡᠶ᠃ | ︵ᠲᠦᠷᠪᠡ︶ ᠭᠠᠵᠠᠷ ᠰᠢᠷᠤᠢ ᠶᠢ ᠰᠢᠯᠵᠢᠬᠦᠯᠤᠨ ᠥᠭᠬᠦ ᠮᠥᠩᠭᠥ ᠶᠢ ᠲᠣᠭᠠᠴᠠᠭ᠎ᠠ ᠬᠢᠬᠦ ᠠᠷᠭ᠎ᠠ ᠶᠢ | ᠲᠣᠭᠲᠠᠭᠠᠬᠤ | ᠡᠮᠦᠨᠡᠬᠢ ᠵᠤᠷᠪᠤᠰ ᠲᠤ ᠲᠣᠭᠲᠠᠭᠠᠭᠰᠠᠨ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ ᠲᠠᠯᠠᠪᠠᠶ ᠶᠢᠨ ᠶᠣᠰᠣᠭᠠᠷ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ | ᠬᠤᠳᠠᠯᠳᠤᠬᠤ ᠣᠨ ᠤ ᠬᠤᠭᠤᠴᠠᠭ᠎ᠠ ᠠᠴᠠ ᠡᠬᠢᠯᠡᠵᠦ ᠪᠣᠳᠣᠬᠤ ᠡᠳᠦᠷ ᠤᠨ ᠠᠳᠠᠯᠢ ᠣᠷᠣᠨ᠂ ᠠᠳᠠᠯᠢ ᠬᠡᠷᠡᠭᠴᠡᠭᠡ᠂ ᠠᠳᠠᠯᠢ ᠲᠠᠰ ᠤᠨ ᠦᠨᠳᠦᠰᠦᠨ ᠪᠠᠷᠢᠮᠵᠢᠶᠠᠲᠤ | ᠭᠠᠵᠠᠷ ᠤᠨ ᠦᠨ᠎ᠡ ᠶᠢᠨ 40% ᠪᠠᠷ ᠦᠷᠡᠵᠢᠭᠦᠯᠵᠦ ᠲᠤᠰᠢᠶᠠᠪᠠᠰᠤ ᠵᠣᠬᠢᠬᠤ ᠰᠢᠯᠵᠢᠭᠦᠯᠦᠨ ᠥᠭᠭᠦᠭᠰᠡᠨ ᠦᠨ᠎ᠡ ᠶᠢᠨ ᠵᠣᠭᠤᠰ ᠤᠨ ᠲᠤᠭ᠎ᠠ ᠪᠠᠷ ᠲᠣᠭᠲᠠᠭᠠᠨ᠎ᠠ᠃ | ᠭᠡᠷ ᠪᠠᠶᠢᠰᠢᠩ ᠤᠨ ᠥᠮᠴᠢᠯᠡᠬᠦ ᠡᠷᠬᠡ ᠶᠢ ᠣᠯᠠᠨ ᠤᠳᠠᠭ᠎ᠠ ᠰᠢᠯᠵᠢᠭᠦᠯᠬᠦ ᠪᠠᠷ ᠳᠠᠮᠵᠢᠭᠠᠳ᠂ ᠭᠤᠶᠤᠴᠢᠯᠠᠭᠴᠢ ᠠᠴᠠ ᠣᠳᠣ ᠶᠢᠨ ᠪᠠᠶᠢᠭ᠎ᠠ ᠭᠡᠷ ᠪᠠᠶᠢᠰᠢᠩ ᠤᠨ | ᠥᠮᠴᠢᠯᠡᠬᠦ ᠡᠷᠬᠡ ᠲᠠᠢ ᠬᠥᠮᠦᠨ ᠪᠠᠶᠢᠪᠠᠯ᠂ ᠬᠤᠳᠠᠯᠳᠤᠬᠤ ᠦᠨ᠎ᠡ ᠶᠢᠨ ᠵᠣᠭᠤᠰ ᠢ ᠭᠤᠶᠤᠴᠢᠯᠠᠭᠴᠢ ᠠᠴᠠ ᠭᠡᠷ ᠪᠠᠶᠢᠰᠢᠩ ᠤᠨ ᠥᠮᠴᠢᠯᠡᠬᠦ ᠡᠷᠬᠡ ᠶᠢ ᠳᠠᠩᠰᠠᠯᠠᠬᠤ | ᠴᠠᠭ ᠬᠤᠭᠤᠴᠠᠭ᠎ᠠ ᠬᠢᠭᠡᠳ ᠭᠠᠵᠠᠷ ᠰᠢᠷᠣᠶ ᠶᠢᠨ ᠦᠯᠡᠳᠡᠭᠰᠡᠨ ᠣᠨ ᠤ ᠬᠤᠭᠤᠴᠠᠭ᠎ᠠ ᠬᠢᠭᠡᠳ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠣᠨ ᠤ | ᠬᠤᠭᠤᠴᠠᠭᠠᠨ ᠤ ᠬᠠᠷᠢᠴᠠᠯ ᠢᠶᠠᠷ ᠣᠨ ᠤ ᠬᠤᠭᠤᠴᠠᠭᠠᠨ ᠳᠤ ᠵᠠᠰᠠᠪᠤᠷᠢ ᠣᠷᠣᠭᠤᠯᠤᠨ᠎ᠠ ᠃ ᠭᠤᠶᠤᠴᠢᠯᠠᠭᠴᠢ ᠠᠴᠠ ᠭᠡᠷ ᠪᠠᠶᠢᠰᠢᠩ ᠤᠨ ᠥᠮᠴᠢᠯᠡᠬᠦ ᠡᠷᠬᠡ ᠶᠢ | ᠰᠢᠯᠵᠢᠭᠦᠯᠦᠨ ᠠᠪᠤᠭᠴᠢ ᠪᠠᠶᠢᠪᠠᠯ᠂ ᠬᠢᠮᠳᠠ ᠪᠠᠷ ᠬᠤᠳᠠᠯᠳᠤᠭᠰᠠᠨ ᠤ ᠦᠨ᠎ᠡ ᠶᠢᠨ ᠵᠣᠭᠤᠰ ᠢ ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠬᠢᠨᠠᠨ | ᠣᠯᠭᠤᠬᠤ ᠴᠠᠭ ᠬᠤᠭᠤᠴᠠᠭ᠎ᠠ ᠨᠢ ᠭᠠᠵᠠᠷ ᠰᠢᠷᠣᠶ ᠶᠢᠨ ᠦᠯᠡᠳᠡᠭᠰᠡᠨ ᠣᠨ ᠤ ᠬᠤᠭᠤᠴᠠᠭ᠎ᠠ ᠬᠢᠭᠡᠳ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠣᠨ ᠤ | ᠬᠤᠭᠤᠴᠠᠭᠠᠨ ᠤ ᠬᠠᠷᠢᠴᠠᠯ ᠢᠶᠠᠷ ᠣᠨ ᠤ ᠬᠤᠭᠤᠴᠠᠭᠠᠨ ᠳᠤ ᠵᠠᠰᠠᠪᠤᠷᠢ ᠣᠷᠣᠭᠤᠯᠤᠨ᠎ᠠ᠃ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠤᠳᠠᠯᠳᠤᠬᠤ ᠣᠨ ᠤ | ᠡᠬᠢᠯᠡᠯᠲᠡ ᠶᠢᠨ ᠬᠤᠭᠤᠴᠠᠭ᠎ᠠ ᠨᠢ 2000 ᠣᠨ ᠠᠴᠠ ᠡᠮᠦᠨ᠎ᠡ ᠪᠠᠶᠢᠪᠠᠯ᠂ 2000 ᠣᠨ ᠤ ᠬᠤᠲᠠ ᠶᠢᠨ ᠵᠠᠰᠠᠭ ᠤᠨ ᠣᠷᠳᠣᠨ ᠤ ᠨᠡᠶᠢᠲᠡᠯᠡᠭᠰᠡᠨ ᠭᠤᠤᠯ ᠬᠤᠲᠠ | ᠲᠣᠭᠤᠷᠢᠭ ᠤᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠪᠠᠷᠢᠮᠵᠢᠶ᠎ᠠ ᠪᠠᠷ ᠬᠡᠷᠡᠭᠵᠢᠭᠦᠯᠬᠦ ᠬᠡᠷᠡᠭᠲᠡᠶ᠃ | | ᠳᠥᠷᠪᠡ᠂ ᠰᠢᠢᠳᠪᠦᠷᠢᠯᠡᠬᠦ ᠳᠡᠰ ᠳᠠᠷᠠᠭᠠᠯᠠᠯ | ︵ᠨᠢᠭᠡ︶ ᠭᠦᠢᠴᠡᠳᠭᠡᠬᠦ ᠡᠷᠬᠡ ᠮᠡᠳᠡᠯ | ᠭᠠᠵᠠᠷ ᠰᠢᠷᠣᠶ ᠬᠡᠷᠡᠭᠯᠡᠬᠦ ᠡᠷᠬᠡ ᠶᠢᠨ ᠦᠨᠡᠮᠯᠡᠯ ᠪᠤᠶᠤ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠢ ᠬᠤᠩᠱᠠᠨ | ᠲᠣᠭᠤᠷᠢᠭ᠂ ᠰᠦᠩᠱᠠᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠬᠢᠨᠠᠨ ᠣᠯᠭᠤᠭᠰᠠᠨ ᠪᠠᠶᠢᠪᠠᠯ᠂ ᠵᠣᠬᠢᠴᠠᠩᠭᠤᠶ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠨ ᠭᠦᠢᠴᠡᠳᠬᠡᠨ᠎ᠡ ᠃ | ᠭᠠᠵᠠᠷ ᠰᠢᠷᠣᠶ ᠬᠡᠷᠡᠭᠯᠡᠬᠦ ᠡᠷᠬᠡ ᠶᠢᠨ ᠦᠨᠡᠮᠯᠡᠯ ᠪᠤᠶᠤ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠢ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠢᠨᠠᠨ ᠣᠯᠭᠤᠭᠰᠠᠨ ᠪᠠᠶᠢᠪᠠᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠶ | ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠨ ᠭᠦᠢᠴᠡᠳᠬᠡᠬᠦ ᠬᠡᠷᠡᠭᠲᠡᠢ ᠃ | ︵ᠬᠤᠶᠠᠷ︶ ᠭᠦᠢᠴᠡᠳᠭᠡᠬᠦ ᠴᠤᠪᠤᠷᠠᠯ | 1. ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ᠂ ᠭᠠᠵᠠᠷ ᠳᠡᠭᠡᠷᠡᠬᠢ ᠭᠡᠷ ᠪᠠᠶᠢᠰᠢᠩ ᠤᠨ ᠥᠮᠴᠢᠯᠡᠬᠦ ᠡᠷᠬᠡᠲᠦ ᠬᠥᠮᠦᠨ ᠪᠤᠶᠤ | ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠲᠣᠭᠲᠠᠭᠠᠭᠰᠠᠨ ᠰᠢᠯᠵᠢᠭᠦᠯᠦᠨ ᠠᠪᠤᠭᠰᠠᠨ ᠭᠡᠷ ᠪᠠᠶᠢᠰᠢᠩ ᠤᠨ ᠡᠷᠬᠡᠲᠦ ᠬᠥᠮᠦᠨ ᠦᠯᠦ ᠬᠥᠳᠡᠯᠬᠦ | ᠬᠥᠷᠥᠩᠭᠡ ᠶᠢᠨ ᠳᠠᠩᠰᠠᠯᠠᠬᠤ ᠲᠥᠪ ᠲᠤ ᠳᠠᠩᠰᠠᠯᠠᠯᠲᠠ ᠶᠢ ᠬᠤᠪᠢᠷᠠᠭᠤᠯᠬᠤ ᠭᠤᠶᠤᠴᠢᠯᠠᠯ ᠳᠤᠷᠠᠳᠤᠨ᠎ᠠ᠃ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ | ᠲᠥᠪ ᠠᠴᠠ ᠭᠥᠯᠢᠶᠡᠨ ᠠᠪᠴᠤ ᠰᠢᠢᠳᠪᠦᠷᠢᠯᠡᠵᠦ ᠂ ᠬᠡᠷ ᠪᠠᠶᠢᠰᠢᠩ ᠵᠢᠴᠢ ᠭᠠᠵᠠᠷ ᠰᠢᠷᠣᠶ ᠶᠢᠨ ᠳᠡᠩᠰᠡᠯᠡᠯᠲᠡ ᠶᠢᠨ ᠪᠠᠶᠢᠳᠠᠯ ᠢ | ᠬᠠᠷᠭᠤᠭᠤᠯᠤᠨ ᠪᠠᠶᠢᠴᠠᠭᠠᠵᠤ᠂ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠨᠢ ᠬᠤᠪᠢᠶᠠᠷᠢᠯᠠᠨ ᠥᠭᠭᠦᠭᠰᠡᠨ ᠭᠠᠵᠠᠷ | ᠰᠢᠷᠣᠶ ᠳᠡᠭᠡᠷᠡᠬᠢ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠳᠡᠩᠰᠡᠯᠡᠯᠲᠡ ᠶᠢᠨ ᠠᠰᠠᠭᠤᠳᠠᠯ ᠳᠤ | ᠬᠠᠷᠢᠶᠠᠯᠠᠭᠳᠠᠬᠤ ᠡᠰᠡᠬᠦ᠂ ᠮᠠᠭᠠᠳᠯᠠᠨ ᠲᠣᠭᠲᠠᠭᠠᠭᠰᠠᠨ ᠰᠠᠨᠠᠯ ᠭᠠᠷᠭᠠᠵᠤ᠂ ᠬᠡᠷ ᠪᠠᠶᠢᠰᠢᠩ ᠤᠨ ᠥᠮᠴᠢᠯᠡᠯ ᠤᠨ ᠡᠷᠬᠡ ᠶᠢ ᠠᠩᠬ᠎ᠠ ᠤᠳᠠᠭ᠎ᠠ ᠰᠢᠯᠵᠢᠭᠦᠯᠦᠨ | ᠳᠡᠩᠰᠡᠯᠡᠨ ᠲᠡᠮᠳᠡᠭᠯᠡᠬᠦ ᠴᠠᠭ ᠵᠢᠴᠢ ᠣᠲᠣ ᠶᠢᠨ ᠬᠡᠷ ᠪᠠᠶᠢᠰᠢᠩ ᠤᠨ ᠥᠮᠴᠢᠯᠡᠭᠴᠢ ᠨᠢ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠳᠡᠩᠰᠡᠯᠡᠯᠲᠡ ᠶᠢᠨ ᠴᠡᠭ | ᠤᠯᠬᠤ ᠶᠢᠨ ᠬᠠᠮᠲᠤ᠂ ᠭᠦᠢᠴᠡᠳᠬᠡᠬᠦ ᠡᠷᠬᠡ ᠮᠡᠳᠡᠯ ᠤᠨ ᠶᠣᠰᠣᠭᠠᠷ ᠬᠤᠲᠠ ︵ᠲᠣᠭᠤᠷᠢᠭ︶ ᠶᠢᠨ ᠪᠠᠶᠢᠭᠠᠯᠢ ᠶᠢᠨ ᠡᠬᠢ ᠪᠠᠶᠠᠯᠢᠭ ︵ | ᠬᠤᠪᠢᠶᠠᠷᠢ ᠲᠣᠪᠴᠢᠶ᠎ᠠ ᠳᠤ ᠮᠡᠳᠡᠭᠦᠯᠬᠦ ᠬᠡᠷᠡᠭᠲᠡᠢ ᠃ | ᠭᠠᠵᠠᠷ ᠰᠢᠷᠣᠶ ᠶᠢ ᠰᠠᠯᠭᠠᠬᠤ ᠳᠤ ᠬᠤᠯᠪᠣᠭᠳᠠᠭᠰᠠᠨ ᠪᠠᠶᠢᠪᠠᠯ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠨᠢ ᠰᠠᠯᠭᠠᠬᠤ ᠪᠠᠷ ᠲᠥᠯᠥᠪᠯᠡᠵᠦ | ᠪᠠᠶᠢᠭ᠎ᠠ ᠲᠥᠰᠦᠯ ᠢ ᠪᠦᠷᠢᠯᠳᠦᠭᠦᠯᠦᠭᠰᠡᠨ ᠪᠥᠭᠡᠳ ᠬᠠᠮᠢᠶ᠎ᠠ ᠪᠥᠬᠦᠶ ᠡᠷᠬᠡᠲᠦ ᠬᠥᠮᠦᠨ ᠢᠶᠠᠷ ᠵᠥᠪᠰᠢᠶᠡᠷᠡᠭᠦᠯᠦᠭᠰᠡᠨ ᠡᠰᠡᠬᠦ ᠶᠢ ᠬᠢᠨᠠᠨ ᠪᠠᠶᠢᠴᠠᠭᠠᠬᠤ ᠬᠡᠷᠡᠭᠲᠡᠢ ᠃ | 2. ᠬᠤᠲᠠ ︵ᠤᠷᠤᠨ︶ ᠶᠢᠨ ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ ᠲᠣᠪᠴᠢᠶ᠎ᠠ︶ ᠤᠨ ᠲᠣᠪᠴᠢᠶ᠎ᠠ ᠮᠠᠭᠠᠳᠯᠠᠨ ᠲᠣᠭᠲᠠᠭᠠᠭᠰᠠᠨ ᠰᠠᠨᠠᠯ ᠢ ᠣᠯᠤᠭᠰᠠᠨ ᠤ | ᠳᠠᠷᠠᠭ᠎ᠠ᠂ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ ᠪᠠᠶᠢᠳᠠᠯ᠂ ᠬᠦᠷᠢᠶ᠎ᠡ ᠬᠡᠪᠴᠢᠶ᠎ᠡ ᠶᠢ ᠬᠢᠨᠠᠨ ᠪᠠᠶᠢᠴᠠᠭᠠᠵᠤ᠂ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ | ᠲᠠᠯᠠᠪᠠᠶ ᠶᠢ ᠲᠣᠭᠠᠴᠠᠭ᠎ᠠ ᠬᠢᠵᠦ᠂ ᠭᠠᠵᠠᠷ ᠰᠢᠷᠣᠶ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠪᠢᠴᠢᠬᠦ ᠬᠡᠷᠡᠭᠲᠡᠢ ᠃ | ᠭᠠᠵᠠᠷ ᠰᠢᠷᠣᠶ ᠶᠢ ᠰᠠᠯᠭᠠᠬᠤ ᠳᠤ ᠬᠤᠯᠪᠣᠭᠳᠠᠭᠰᠠᠨ ᠪᠠᠶᠢᠪᠠᠯ᠂ ᠬᠤᠪᠢᠶᠠᠷᠢᠯᠠᠬᠤ ᠪᠠᠷ ᠪᠠᠶᠢᠭ᠎ᠠ ᠲᠥᠰᠦᠯ ᠤᠨ ᠵᠦᠢ ᠶᠣᠰᠣᠴᠢ ᠴᠢᠨᠠᠷ ᠲᠤ ᠲᠥᠯᠥᠪᠵᠢᠭᠦᠯᠭᠡ ᠶᠢ | ᠬᠢᠨᠠᠨ ᠪᠠᠶᠢᠴᠠᠭᠠᠭᠰᠠᠨ ᠰᠠᠨᠠᠯ ᠭᠠᠷᠭᠠᠬᠤ ᠬᠡᠷᠡᠭᠲᠡᠶ᠃ | 3. ᠬᠤᠲᠠ ︵ᠲᠣᠭᠤᠷᠢᠭ︶ ᠶᠢᠨ ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ ᠲᠣᠪᠴᠢᠶ᠎ᠠ︶ ᠤᠨ ᠲᠣᠪᠴᠢᠶ᠎ᠠ ᠨᠢ ᠬᠡᠰᠡᠭ ᠭᠠᠵᠠᠷ ᠤᠨ ᠵᠥᠪᠳᠡᠯᠴᠡᠬᠡᠷ ᠢᠶᠠᠷ | ᠰᠢᠯᠵᠢᠭᠦᠯᠦᠨ ᠥᠭᠬᠦ ᠲᠥᠰᠦᠯ ᠶᠣᠰᠣᠭᠠᠷ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃ ᠨᠢᠭᠡᠨᠲᠡ ᠲᠠᠷᠠᠬᠠᠶ ᠪᠠᠷ | ᠳᠠᠩᠰᠠᠯᠠᠭᠤᠯᠤᠭᠰᠠᠨ ᠭᠡᠷ ᠪᠠᠶᠢᠰᠢᠩ ᠨᠢ ᠬᠢᠮᠳᠠ ᠪᠠᠷ ᠬᠤᠳᠠᠯᠳᠤᠬᠤ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠬᠤ ᠦᠶ᠎ᠡ ᠳᠤ᠂ ᠪᠠᠶᠢᠭ᠎ᠠ | ᠭᠠᠵᠠᠷ ᠤᠨ ᠢᠶᠠᠨ ᠬᠢᠮᠳᠠ ᠪᠠᠷ ᠬᠤᠳᠠᠯᠳᠤᠬᠤ ᠲᠥᠰᠦᠯ ᠢ ᠨᠢᠭᠡᠨᠲᠡ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠪᠣᠯ ᠳᠠᠪᠬᠤᠷᠳᠠᠭᠤᠯᠤᠨ | ᠮᠡᠳᠡᠭᠦᠯᠦᠨ ᠵᠥᠪᠰᠢᠶᠡᠷᠡᠭᠦᠯᠬᠦ ᠦᠭᠡᠶ᠃ | 4. ᠵᠥᠪᠳᠡᠯᠴᠡᠨ ᠬᠤᠳᠠᠯᠳᠤᠬᠤ ᠲᠥᠰᠦᠯ ᠢ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ︵ᠲᠣᠭᠤᠷᠢᠭ︶ ᠶᠢᠨ ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ | ᠲᠣᠪᠴᠢᠶ᠎ᠠ︶ ᠤᠨ ᠲᠣᠪᠴᠢᠶ᠎ᠠ ᠨᠢ ᠭᠠᠵᠠᠷ ᠰᠢᠷᠣᠶ ᠬᠡᠷᠡᠭᠯᠡᠬᠦ ᠡᠷᠬᠡᠲᠦ ᠬᠥᠮᠦᠨ ᠲᠠᠢ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠭᠡᠷ᠎ᠡ ᠲᠣᠭᠲᠠᠬᠤ ᠶᠢᠨ ᠬᠠᠮᠲᠤ | ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠵᠣᠭᠤᠰ ᠲᠤᠰᠢᠶᠠᠬᠤ ᠮᠡᠳᠡᠭᠡ ᠵᠠᠩᠭᠢ ᠪᠠᠨ ᠮᠡᠳᠡᠭᠦᠯᠬᠦ ᠬᠡᠷᠡᠭᠲᠡᠢ ᠃ | 5. ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠠᠴᠠ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠭᠡᠷ᠎ᠡ᠂ ᠭᠠᠵᠠᠷ ᠤᠨ ᠬᠠᠷᠢᠶ᠎ᠠ ᠶᠢᠨ | ᠪᠠᠶᠢᠴᠠᠭᠠᠯᠲᠠ ᠶᠢᠨ ᠮᠡᠳᠡᠭᠦᠯᠦᠯᠲᠡ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠦᠨ᠎ᠡ ᠶᠢᠨ ᠵᠣᠭᠤᠰ ᠤᠨ ᠲᠤᠰᠢᠶᠠᠭᠰᠠᠨ ᠪᠠᠷᠢᠮᠲᠠ᠂ ᠭᠠᠶᠢᠯᠢ ᠰᠦᠢᠳᠬᠡᠯ | ᠲᠤᠰᠢᠶᠠᠭᠰᠠᠨ ᠭᠡᠷᠡᠴᠢ ᠵᠡᠷᠭᠡ ᠮᠠᠲ᠋ᠧᠷᠢᠶᠠᠯ ᠢᠶᠠᠷ ᠡᠷᠬᠡᠲᠦ ᠬᠥᠮᠦᠨ ᠬᠤᠪᠢᠷᠠᠭᠤᠯᠵᠤ ᠳᠠᠩᠰᠠᠯᠠᠭᠤᠯᠬᠤ ᠬᠡᠷᠡᠭᠲᠡᠶ᠃ | | | ᠲᠠᠪᠤ᠂ ᠪᠤᠰᠤᠳ ᠵᠦᠢᠯ | ︵ᠨᠢᠭᠡ︶ ᠲᠣᠰ ᠠᠷᠭ᠎ᠠ ᠶᠢᠨ ᠳᠠᠭᠤᠰᠤᠭᠠᠳᠤᠶ ᠤᠴᠢᠷ ᠶᠠᠪᠤᠳᠠᠯ ᠢ ᠡᠷᠬᠡᠪᠰᠢ ᠭᠦᠢᠴᠡᠳᠭᠡᠬᠦ ᠡᠷᠬᠡ ᠮᠡᠳᠡᠯ ᠲᠠᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠢᠶᠠᠷ ᠬᠠᠮᠲᠤ ᠪᠠᠷ ᠰᠤᠳᠤᠯᠤᠨ ᠲᠣᠭᠲᠠᠭᠠᠯᠭᠠᠬᠤ ᠬᠡᠷᠡᠭᠲᠡᠶ᠃ | ︵ᠬᠤᠶᠠᠷ︶ ᠡᠮᠦᠨᠡᠬᠢ ᠲᠥᠷᠥ ᠶᠢᠨ ᠪᠣᠳᠣᠯᠭ᠎ᠠ ᠨᠢ ᠲᠤᠰ ᠠᠷᠭ᠎ᠠ ᠶᠢᠨ ᠠᠭᠤᠯᠭ᠎ᠠ ᠯᠤᠭ᠎ᠠ ᠨᠢᠭᠡᠳᠦᠯ ᠦᠭᠡᠶ ᠪᠣᠯ ᠲᠤᠰ ᠠᠷᠭ᠎ᠠ ᠶᠢᠨ ᠶᠣᠰᠣᠭᠠᠷ | ᠬᠡᠷᠡᠭᠵᠢᠭᠦᠯᠬᠦ ᠬᠡᠷᠡᠭᠲᠡᠶ᠃ | ︵ᠭᠤᠷᠪᠠ︶ ᠲᠥᠪ ᠬᠤᠲᠠ ᠶᠢᠨ ᠲᠣᠭᠤᠷᠢᠭ ᠤᠨ ᠬᠡᠪᠴᠢᠶᠡᠨ ᠠᠴᠠ ᠭᠠᠳᠠᠨᠠᠬᠢ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠲᠤ ᠲᠡᠤᠬᠡᠨ ᠠᠴᠠ ᠦᠯᠡᠳᠡᠭᠳᠡᠵᠦ ᠢᠷᠡᠭᠰᠡᠨ ᠣᠷᠣᠨ ᠰᠠᠭᠤᠴᠠ ᠶᠢᠨ ᠪᠤᠰᠤ ᠬᠡᠷ ᠪᠠᠶᠢᠰᠢᠩ ᠭᠠᠵᠠᠷ ᠬᠥᠷᠥᠩᠭᠡ ᠶᠢᠨ ᠬᠤᠪᠢᠶᠠᠷᠢᠯᠠᠨ ᠥᠭᠭᠦᠭᠰᠡᠨ ᠭᠠᠵᠠᠷ | ᠰᠢᠷᠣᠶ ᠶᠢ ᠰᠢᠯᠵᠢᠭᠦᠯᠦᠨ ᠥᠭᠭᠦᠭᠰᠡᠨ ᠪᠠᠶᠢᠳᠠᠯ ᠣᠷᠣᠰᠢᠵᠤ ᠪᠠᠶᠢᠪᠠᠯ᠂ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃ | | | | | |