| ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠪᠤᠯᠭᠠᠬᠤ ᠶᠢ ᠠᠬᠢᠭᠤᠯᠬᠤ ᠪᠣᠯ ᠰᠢᠨ᠎ᠡ ᠴᠠᠭ ᠦᠶ᠎ᠡ ᠶᠢᠨ | ᠨᠠᠮ ᠤᠨ ᠲᠥᠷᠥ ᠶᠢ ᠵᠠᠰᠠᠵᠤ ᠵᠠᠰᠠᠭ ᠢ ᠡᠷᠭᠢᠯᠡᠭᠦ ᠰᠢᠨ᠎ᠡ ᠣᠶᠢᠯᠠᠭᠠᠭᠳᠠᠬᠤᠨ ᠰᠢᠨ᠎ᠡ ᠦᠢᠯᠡᠳᠦᠯᠭᠡ ᠶᠢᠨ ᠴᠢᠬᠤᠯᠠ ᠪᠡᠯᠭᠡ ᠲᠡᠮᠳᠡᠭ ᠮᠥᠨ᠂ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠭᠤᠭᠴᠤᠭ᠎ᠠ ᠮᠥᠨ᠂ ᠮᠠᠨ ᠤ ᠤᠯᠤᠰ ᠤᠨ ᠡᠬᠢ ᠪᠠᠶᠠᠯᠢᠭ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ | ᠰᠢᠢᠳᠪᠦᠷᠢᠯᠡᠬᠦ ᠰᠠᠭᠤᠷᠢ ᠪᠤᠯᠬᠤ ᠠᠷᠭ᠎ᠠ ᠪᠣᠳᠣᠯᠭ᠎ᠠ ᠮᠥᠨ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ | ᠪᠦᠲᠦᠭᠡᠨ ᠪᠠᠶᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠶᠢᠨ ᠲᠥᠯᠥᠭᠡ᠂ ᠤᠳᠤ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠯᠠᠨ ᠡᠷᠴᠢᠮᠵᠢᠭᠦᠯᠬᠦ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢᠶᠠᠷ ᠤᠳᠤᠷᠢᠳᠤᠮᠵᠢ ᠪᠤᠯᠭᠠᠵᠤ᠂ | ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠬᠤ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ | ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠪᠦᠲᠦᠴᠡ᠂ | ᠦᠢᠯᠡᠳᠪᠦᠷᠢᠯᠡᠯ ᠤᠨ ᠭᠡᠯᠪᠡᠷᠢ᠂ ᠠᠮᠢᠳᠤᠷᠠᠯ ᠤᠨ ᠠᠷᠭ᠎ᠠ ᠮᠠᠶ᠋ᠢᠭ ᠢ ᠪᠤᠶ ᠪᠤᠯᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ | ᠪᠦᠭᠦ ᠲᠠᠯ᠎ᠠ ᠪᠠᠷ ᠲᠦᠯᠬᠢᠨ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠪᠴᠢᠯᠡᠨ | ᠠᠬᠢᠭᠤᠯᠤᠨ᠎ᠠ᠃ | ᠠᠵᠢᠯ ᠤᠨ ᠳᠤᠮᠳᠠ ᠪᠠᠨ ᠳᠣᠣᠷᠠᠬᠢ ᠵᠦᠢᠯᠡᠰ ᠢ ᠪᠡᠶᠡᠯᠡᠭᠦᠯᠬᠦ ᠬᠡᠷᠡᠭᠲᠡᠢ᠄ | — ᠪᠦᠭᠦ ᠲᠠᠯ᠎ᠠ ᠪᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠨᠣᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠦᠨ | ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠳᠤ ᠠᠭᠤᠰᠬᠠᠨ ᠣᠷᠣᠭᠤᠯᠵᠤ᠂ ᠪᠦᠭᠦ ᠲᠠᠯ᠎ᠠ ᠪᠠᠷ᠂ ᠪᠦᠭᠦ ᠬᠦᠷᠢᠶ᠎ᠡ ᠪᠠᠷ᠂ ᠪᠦᠭᠦ ᠣᠷᠣᠨ ᠪᠦᠰᠡ ᠪᠠᠷ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠥᠮᠥᠨ ᠬᠢᠭᠡᠳ ᠪᠠᠶᠢᠭᠠᠯᠢ ᠶᠢᠨ ᠠᠮᠢ ᠨᠠᠰᠤᠨ ᠤ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ | — ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠢᠯ ᠲᠥᠷᠥᠯ ᠤᠨ | ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ ᠭᠤᠣᠯᠳᠠᠯᠭ᠎ᠠ ᠲᠠᠢ ᠰᠢᠪᠲᠤᠯᠬᠤ ᠶᠢ ᠬᠠᠷᠢᠯᠴᠠᠨ | ᠤᠶᠠᠯᠳᠤᠭᠤᠯᠬᠤ ᠶᠢ ᠪᠠᠷᠢᠮᠲᠠᠯᠠᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠪᠠᠷᠢᠯᠭ᠎ᠠ ᠶᠢᠨ | ᠵᠢᠷᠤᠭ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠥᠬᠦᠴᠡᠯ ᠲᠠᠢ ᠭᠠᠵᠠᠷ ᠣᠷᠣᠨ ᠪᠠ ᠠᠵᠢᠯ ᠲᠥᠷᠥᠯ ᠤᠨ ᠬᠢᠨ ᠤ ᠤᠷᠢᠳ ᠢᠶᠠᠷ ᠰᠦᠪᠡᠭᠴᠢᠯᠡᠬᠦ ᠶᠢ | ᠵᠣᠷᠢᠭᠵᠢᠭᠤᠯᠬᠤ ᠬᠡᠷᠡᠭᠲᠡᠢ᠃ | — ᠰᠢᠨ᠎ᠡ ᠶᠢ ᠡᠭᠦᠳᠦᠨ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠲᠤᠯᠭᠠᠭᠤᠷᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠲᠦᠷᠦ ᠶᠢᠨ ᠪᠣᠳᠣᠯᠭ᠎ᠠ ᠳᠦᠷᠢᠮ ᠤᠨ ᠰᠢᠨ᠎ᠡ ᠶᠢ ᠡᠭᠦᠳᠬᠦ᠂ ᠬᠤᠳᠠᠯᠳᠤᠭᠠᠨ ᠤ | ᠵᠠᠭᠪᠤᠷ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠪᠢᠰᠬᠠᠯ ᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠮᠢ | ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠨᠡᠩ ᠬᠦᠴᠦᠷᠬᠡᠭ | ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠪᠣᠯᠣᠨ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ᠃ | — ᠠᠮᠤᠷ ᠲᠦᠪᠰᠢᠨ ᠢᠶᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ ᠬᠡᠷᠡᠭᠲᠡᠢ᠃ ᠬᠥᠭᠵᠢᠯᠲᠡ ᠪᠠ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ᠂ ᠪᠦᠬᠦᠯᠢ ᠴᠣᠭᠴᠠ ᠪᠠ ᠬᠡᠰᠡᠭ ᠲᠠᠯ᠎ᠠ᠂ ᠣᠳᠣᠬᠠᠨ ᠪᠠ ᠠᠯᠤᠰ ᠭᠡᠲᠦ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠲᠤᠯᠭᠠᠷᠠᠵᠤ ᠪᠠᠶᠢᠭ᠎ᠠ ᠳᠣᠲᠣᠭᠠᠳᠤ ᠭᠠᠳᠠᠭᠠᠳᠤ ᠶᠢᠨ | ᠠᠶᠤᠯ ᠲᠦᠭᠰᠢᠭᠦᠷᠢ ᠥᠷᠢᠰᠦᠯᠳᠦᠭᠡᠨ ᠢ ᠲᠣᠬᠢᠲᠠᠢ ᠰᠡᠷᠭᠡᠶᠢᠯᠡᠨ ᠠᠷᠢᠯᠭᠠᠵᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠢ ᠨᠠᠩ ᠰᠠᠶᠢᠲᠤᠷ ᠪᠠᠲᠤᠯᠠᠬᠤ ᠬᠡᠷᠡᠭᠲᠡᠢ᠃ | | ᠭᠤᠣᠯ ᠬᠠᠷᠠᠯᠲᠠ ᠪᠣᠯ᠄ 2030 ᠣᠨ ᠪᠤᠯᠬᠤ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠢᠳᠡᠪᠬᠢᠲᠡᠢ ᠠᠬᠢᠴᠠ ᠲᠠᠢ ᠪᠤᠯᠭᠠᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠦᠨᠳᠦᠰᠦᠨ ᠳᠡᠭᠡᠨ ᠪᠤᠢ | ᠪᠤᠯᠭᠠᠵᠤ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠮᠵᠢᠯᠴᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠵᠤ᠂ ᠭᠤᠣᠯ ᠪᠤᠯᠬᠤ ᠡᠬᠢ | ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠣᠬᠢᠷᠳᠤᠯ ᠦᠭᠡᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠪᠠ | ᠪᠠᠷᠢᠮᠵᠢᠶ᠎ᠠ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠨ᠎ᠠ᠃ 2035 ᠣᠨ ᠪᠤᠯᠬᠤ ᠳᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ | ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠪᠣᠬᠢᠷᠳᠤᠯ ᠦᠭᠡᠢ ᠦᠢᠯᠡᠳᠪᠦᠷᠢᠯᠡᠯ ᠤᠨ ᠭᠡᠯᠪᠡᠷᠢ ᠪᠣᠯᠣᠨ ᠠᠮᠢᠳᠤᠷᠠᠯ ᠤᠨ | ᠠᠷᠭ᠎ᠠ ᠮᠠᠶ᠋ᠢᠭ ᠢ ᠥᠷᠭᠡᠨ ᠢᠶᠠᠷ ᠪᠦᠷᠢᠯᠳᠦᠭᠦᠯᠵᠦ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠬᠡᠮᠵᠢᠶ᠎ᠡ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ | ᠠᠰᠢᠭ ᠢ ᠨᠡᠮᠡᠭᠳᠡᠭᠦᠯᠬᠦ ᠲᠠᠯ᠎ᠠ ᠪᠠᠷ ᠢᠯᠡᠳᠲᠡ ᠠᠬᠢᠴᠠ ᠲᠠᠢ ᠪᠤᠯᠭᠠᠵᠤ᠂ ᠭᠤᠣᠯ ᠪᠤᠯᠬᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠯᠡᠬᠡᠢ ᠶᠢᠨ | ᠲᠡᠷᠢᠭᠦᠨ ᠤ ᠲᠦᠪᠰᠢᠨ ᠳᠤ ᠬᠦᠷᠭᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠶᠢᠨ ᠭᠡᠯᠪᠡᠷᠢ ᠳᠤ ᠪᠦᠭᠦ | ᠲᠠᠯ᠎ᠠ ᠪᠠᠷ ᠣᠷᠣᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠭᠦᠷᠦᠭᠰᠡᠨ ᠤ ᠳᠠᠷᠠᠭ᠎ᠠ ᠲᠣᠭᠲᠠᠭᠤᠨ ᠤ ᠳᠤᠮᠳᠠ | ᠪᠠᠭᠤᠷᠠᠭᠤᠯᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ | ᠬᠤᠶᠠᠷ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ | ︵ᠨᠢᠭᠡ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠦᠨ᠎ᠡ᠃ ᠪᠦᠭᠦ ᠤᠯᠤᠰ ᠲᠤ | ᠨᠢᠭᠡᠳᠦᠯᠲᠡᠢ᠂ ᠬᠠᠷᠢᠭᠤᠴᠠᠯᠭ᠎ᠠ ᠡᠷᠬᠡ ᠲᠣᠳᠣᠷᠬᠠᠢ᠂ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ | ᠴᠢᠩᠭ᠎ᠠ ᠰᠠᠬᠢᠵᠤ᠂ ᠡᠯ᠎ᠡ ᠲᠦᠷᠦᠯ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠤᠨ | ᠰᠢᠰᠲ᠋ᠧᠮ ᠢ ᠪᠦᠷᠢᠨᠰᠢᠭᠦᠯᠵᠦ᠂ ᠭᠤᠣᠯ ᠴᠣᠭᠴᠠ ᠶᠢᠨ ᠴᠢᠳᠠᠮᠵᠢ ᠶᠢᠨ ᠶᠡᠷᠦᠩᠬᠡᠶᠢᠯᠡᠭᠰᠡᠨ ᠪᠠᠶᠢᠷᠢᠰᠢᠭᠤᠯᠤᠯᠲᠠ ᠶᠢ ᠠᠬᠢᠭᠤᠯᠤᠨ᠂ ᠭᠤᠣᠯ ᠴᠣᠭᠴᠠ ᠶᠢᠨ ᠴᠢᠳᠠᠮᠵᠢᠲᠤ | ᠣᠷᠣᠨ ᠤ ᠬᠤᠪᠢᠶᠠᠷᠢᠯᠠᠯ ᠢ ᠨᠠᠷᠢᠯᠢᠭᠵᠢᠭᠤᠯᠵᠤ᠂ ᠵᠦᠷᠢᠶᠡᠴᠢᠯᠡᠭᠰᠡᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ ᠤᠨ ᠴᠡᠴᠡᠷᠯᠢᠭ ᠢᠶᠠᠷ ᠭᠤᠣᠯ | ᠴᠣᠭᠴᠠ ᠪᠤᠯᠭᠠᠬᠰᠠᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠰᠠᠭᠤᠷᠢ ᠪᠤᠯᠭᠠᠬᠰᠠᠨ᠂ ᠡᠯ᠎ᠡ ᠲᠥᠷᠥᠯ ᠤᠨ ᠪᠠᠶᠢᠭᠠᠯᠢ ᠶᠢᠨ ᠴᠡᠴᠡᠷᠯᠢᠭ ᠢᠶᠠᠷ ᠨᠥᠬᠦᠪᠦᠷᠢ | ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠳᠠᠯᠠᠢ ᠲᠠᠩᠭᠢᠰ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠬᠠᠮᠠᠭᠠᠯᠠᠬᠤ ᠳᠦᠷᠢᠮ ᠢ ᠪᠦᠷᠢᠨᠰᠢᠭᠦᠯᠵᠦ᠂ ᠳᠠᠯᠠᠢ | ᠲᠠᠩᠭᠢᠰ ᠤᠨ ᠨᠡᠭᠡᠭᠡᠨ ᠠᠰᠢᠭᠯᠠᠯᠲᠠ ᠶᠢ ᠰᠢᠰᠲ᠋ᠧᠮ ᠲᠠᠢ ᠲᠥᠯᠥᠪᠯᠡᠵᠦ᠂ ᠡᠬᠡ ᠬᠠᠭᠤᠷᠠᠢ ᠳᠠᠯᠠᠢ ᠲᠠᠩᠭᠢᠰ ᠤᠨ ᠬᠠᠮᠵᠢᠯᠴᠠᠭᠰᠠᠨ ᠦᠷᠭᠦᠯᠵᠢᠯᠡᠬᠦᠶᠢᠴᠡ ᠬᠥᠭᠵᠢᠯᠲᠡ ᠶᠢ | ᠠᠬᠢᠭᠤᠯᠤᠨ᠎ᠠ᠃ | ︵ᠬᠤᠶᠠᠷ︶ ᠪᠣᠬᠢᠷᠳᠤᠯ ᠦᠭᠡᠢ ᠬᠥᠭᠵᠢᠯᠲᠡ ᠶᠢᠨ ᠥᠨᠳᠦᠷᠯᠢᠭ ᠢ ᠪᠤᠶ ᠪᠣᠯᠭᠠᠨ᠎ᠠ᠃ ᠣᠷᠣᠨ ᠪᠦᠰᠡ ᠶᠢᠨ ᠪᠣᠬᠢᠷᠳᠤᠯ ᠦᠭᠡᠢ ᠬᠥᠭᠵᠢᠯᠲᠡ ᠶᠢᠨ ᠬᠠᠮᠵᠢᠯᠴᠠᠭ᠎ᠠ ᠶᠢ | ᠴᠢᠩᠭᠠᠳᠬᠠᠵᠤ᠂ ᠵᠣᠬᠢᠴᠠᠩᠭᠤᠢ ᠬᠥᠭᠵᠢᠯᠲᠡ ᠪᠣᠯᠣᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ ᠬᠥᠭᠵᠢᠯᠲᠡ ᠶᠢᠨ ᠨᠡᠮᠡᠭᠳᠡᠯ ᠤᠨ ᠲᠤᠶᠢᠯ ᠪᠣᠯᠣᠨ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢ ᠪᠤᠢ | ᠪᠣᠯᠭᠠᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠵᠢᠯᠴᠠᠨ ᠬᠠᠮᠠᠭᠠᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠣᠬᠢᠷᠳᠤᠯ ᠦᠭᠡᠢ ᠬᠥᠭᠵᠢᠯᠲᠡ ᠶᠢᠨ ᠬᠤᠲᠠ ᠶᠢᠨ ᠦᠯᠢᠭᠡᠷ ᠳᠠᠭᠤᠷᠢᠶᠠᠯ ᠪᠤᠯᠬᠤ ᠶᠢ | ᠳᠠᠮᠵᠢᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢ | ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ | ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠪᠠ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠢ ᠠᠬᠢᠭᠤᠯᠵᠤ᠂ | ᠳᠡᠯᠡᠬᠡᠢ ᠶᠢᠨ ᠲᠡᠰ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠪᠦᠯᠦᠭᠵᠢᠯ ᠢ ᠴᠣᠭᠴᠠᠯᠠᠨ᠎ᠠ᠃ ᠬᠠᠶᠢᠨᠠᠨ ᠤ ᠴᠢᠯᠦᠭᠡᠲᠦ | ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠡᠬᠢ ᠪᠠᠶᠠᠯᠢᠭ ᠤᠨ | ᠭᠡᠯᠪᠡᠷᠢ ᠶᠢᠨ ᠭᠠᠵᠠᠷ ᠣᠷᠣᠨ ᠪᠠ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠳᠡᠮᠵᠢᠬᠦ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠦᠨ᠎ᠡ᠃ | ᠭᠤᠷᠪᠠ᠂ ᠠᠵᠤ ᠦᠢᠯᠡᠰ ᠤᠨ ᠪᠦᠲᠦᠴᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠨ᠎ᠡ | ︵ᠭᠤᠷᠪᠠ︶ ᠤᠯᠠᠮᠵᠢᠯᠠᠯᠲᠤ ᠠᠵᠤ ᠦᠢᠯᠡᠰ ᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠥᠭᠡᠷᠡᠴᠢᠯᠡᠨ ᠲᠠᠰ ᠳᠡᠪᠰᠢᠭᠦᠯᠬᠦ ᠶᠢ | ᠠᠬᠢᠭᠤᠯᠤᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ ᠪᠠ ᠬᠢᠮᠢ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠴᠠᠭᠠᠰᠤ | ᠦᠢᠯᠡᠳᠬᠦ᠂ ᠳᠠᠷᠤᠮᠠᠯᠯᠠᠨ ᠪᠤᠳᠤᠬᠤ ᠵᠡᠷᠭᠡ ᠠᠵᠢᠯ ᠲᠥᠷᠥᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠶᠡᠭᠡ ᠪᠠᠷ ᠠᠬᠢᠭᠤᠯᠵᠤ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭᠠᠲᠠᠢ ᠪᠠ ᠴᠡᠪᠡᠷ ᠦᠢᠯᠡᠳᠪᠦᠷᠢᠯᠡᠬᠦ ᠮᠡᠷᠭᠡᠵᠢᠯ ᠤᠨ ᠲᠣᠨᠤᠭ | ᠲᠥᠬᠦᠭᠡᠷᠦᠮᠵᠢ ᠶᠢ ᠳᠡᠯᠭᠡᠷᠡᠭᠦᠯᠦᠨ᠂ ᠭᠠᠷ ᠤᠷᠠᠯᠠᠯ ᠤᠨ ᠶᠠᠪᠤᠴᠠ ᠶᠢ ᠰᠢᠨᠡᠳᠬᠡᠨ ᠲᠠᠰ ᠳᠡᠪᠰᠢᠭᠦᠯᠬᠦ ᠶᠢ ᠠᠬᠢᠭᠤᠯᠤᠨ᠎ᠠ᠃ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ | ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠵᠠᠷ ᠰᠢᠷᠣᠢ᠂ ᠣᠷᠴᠢᠨ ᠲᠣᠭᠤᠷᠢᠨ᠂ ᠡᠨᠧᠷᠭᠢ ᠶᠢᠨ ᠦᠷ᠎ᠡ ᠠᠰᠢᠭ᠂ ᠤᠰᠤᠨ ᠤ ᠦᠷ᠎ᠡ ᠠᠰᠢᠭ ᠪᠠ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠵᠡᠷᠭᠡ ᠬᠢᠵᠠᠭᠠᠷᠯᠠᠬᠤ ᠴᠢᠨᠠᠷᠲᠠᠢ ᠪᠠᠷᠢᠮᠵᠢᠶ᠎ᠠ ᠶᠢ ᠦᠷᠭᠦᠯᠵᠢᠯᠡᠨ ᠰᠢᠨᠡᠳᠬᠡᠵᠦ᠂ ᠤᠯᠤᠰ ᠤᠨ ᠪᠠᠷᠢᠮᠵᠢᠶ᠎ᠠ ᠶᠢᠨ | ᠳᠡᠭᠡᠭᠰᠢᠯᠡᠯᠲᠡ ᠪᠠᠷ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠬᠥᠲᠥᠯᠥᠨ ᠳᠠᠭᠠᠭᠤᠯᠵᠤ᠂ ᠦᠢᠯᠡᠳᠪᠦᠷᠢᠯᠡᠬᠦ ᠴᠢᠳᠠᠪᠤᠷᠢ ᠶᠢ | ᠤᠬᠤᠷᠢᠭᠤᠯᠤᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ | ᠵᠦᠢᠯ ᠤᠨ ᠡᠬᠢ ᠪᠠᠶᠠᠯᠢᠭ ᠣᠷᠴᠢᠨ ᠲᠣᠭᠤᠷᠢᠨ ᠤ ᠲᠠᠯ᠎ᠠ ᠪᠠᠷ ᠬᠢ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠵᠦᠢ ᠵᠣᠬᠢᠰᠲᠠᠢ ᠳᠡᠭᠡᠭᠰᠢᠯᠡᠭᠦᠯᠵᠦ᠂ ᠡᠨᠧᠷᠭᠢ ᠶᠢᠨ | ᠬᠤᠷᠣᠭᠳᠠᠭᠤᠯᠤᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ᠂ ᠳᠣᠣᠷ᠎ᠠ ᠬᠢᠷᠢ ᠬᠡᠮᠵᠢᠶ᠎ᠡ ᠪᠦᠬᠦᠢ ᠲᠥᠷᠥᠯ ᠵᠦᠢᠯ ᠢ ᠰᠣᠬᠤᠷ ᠪᠠᠯᠠᠢ ᠪᠠᠷ ᠡᠬᠢᠯᠡᠭᠦᠯᠬᠦ ᠶᠢ ᠡᠷᠡᠰ | ᠬᠤᠷᠢᠭᠯᠠᠨ᠎ᠠ᠃ | ︵ᠳᠥᠷᠪᠡ︶ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠪᠣᠬᠢᠷᠳᠤᠯ ᠦᠭᠡᠢ ᠦᠢᠯᠡᠳᠬᠦ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠠᠵᠤ ᠠᠬᠤᠢ ᠶᠢᠨ ᠶᠡᠷᠦᠩᠬᠡᠢ ᠬᠡᠮᠵᠢᠶᠡᠨ ᠳᠠᠬᠢ ᠬᠤᠪᠢ ᠶᠢᠨ ᠵᠢᠩ ᠢ ᠲᠠᠰᠤᠷᠠᠯᠳᠠ | ᠦᠭᠡᠢ ᠳᠡᠭᠡᠭᠰᠢᠯᠡᠭᠦᠯᠦᠨ᠎ᠡ᠃ ᠥᠷᠢᠰᠦᠯᠳᠦᠬᠦ ᠬᠦᠴᠦᠨ ᠲᠠᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠶᠢᠯᠠᠯ ᠢ ᠲᠦᠷᠭᠡᠳᠬᠡᠨ | ᠪᠣᠶᠢᠵᠢᠭᠤᠯᠵᠤ᠂ ᠨᠢᠭᠡ ᠪᠦᠯᠦᠭ ᠳᠠᠭᠠᠭᠤᠯᠤᠭᠴᠢ ᠠᠵᠤ ᠠᠬᠤᠶᠢᠯᠠᠯ ᠪᠣᠯᠣᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ ᠳᠤᠮᠳᠠ ᠪᠠᠭ᠎ᠠ ᠠᠵᠤ | ᠠᠬᠤᠶᠢᠯᠠᠯ ᠢ ᠪᠠᠶᠢᠭᠤᠯᠤᠨ᠎ᠠ᠃ ᠡᠨᠧᠷᠭᠢ ᠶᠢᠨ ᠭᠡᠷᠡᠲᠦ ᠬᠠᠮᠢᠶᠠᠷᠤᠯᠲᠠ᠂ ᠤᠰᠤ ᠠᠷᠪᠢᠯᠠᠬᠤ ᠭᠡᠷᠡᠲᠦ ᠬᠠᠮᠢᠶᠠᠷᠤᠯᠲᠠ᠂ ᠣᠷᠴᠢᠨ ᠠᠬᠤᠢ ᠶᠢᠨ ᠪᠣᠬᠢᠷᠳᠤᠯ ᠢ ᠭᠤᠷᠪᠠᠳᠠᠭᠢ | ᠡᠲᠡᠭᠡᠳ ᠠᠴᠠ ᠵᠠᠰᠠᠬᠤ ᠵᠡᠷᠭᠡ ᠵᠠᠭᠪᠤᠷ ᠪᠠ ᠣᠷᠴᠢᠨ ᠠᠬᠤᠢ ᠶᠢ ᠵᠠᠰᠠᠬᠤ ᠦᠷ᠎ᠡ ᠪᠦᠲᠦᠮᠵᠢ ᠪᠠᠷ ᠤᠳᠤᠷᠢᠳᠤᠮᠵᠢ ᠪᠤᠯᠭᠠᠬᠰᠠᠨ ᠣᠷᠴᠢᠨ ᠠᠬᠤᠢ ᠶᠢ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡ ᠶᠢ ᠶᠡᠭᠡ ᠪᠠᠷ ᠳᠡᠯᠭᠡᠷᠡᠭᠦᠯᠦᠨ᠎ᠡ᠃ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠣᠶᠣᠯ ᠪᠠ | ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠶᠢᠬᠤ ᠪᠠᠷ ᠤᠳᠤᠷᠢᠳᠤᠮᠵᠢ | ᠪᠤᠯᠭᠠᠬᠰᠠᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠬᠤᠳᠠᠯᠳᠤᠭᠠᠨ ᠤ ᠬᠡᠪ ᠵᠠᠭᠪᠤᠷ ᠢ ᠲᠦᠷᠭᠡᠪᠴᠢᠯᠡᠨ ᠬᠥᠭᠵᠢᠭᠦᠯᠬᠦ ᠶᠢ ᠢᠳᠡᠪᠬᠢᠲᠡᠢ | ᠵᠣᠷᠢᠭᠵᠢᠭᠤᠯᠤᠨ᠎ᠠ᠃ 2030 ᠣᠨ ᠪᠤᠯᠬᠤ ᠳᠤ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ ᠤᠨ ᠬᠡᠪᠴᠢᠶ᠎ᠡ ᠶᠢ 15 ᠲᠦᠮᠡᠨ | ᠳ᠋ᠦᠩᠰᠢᠭᠤᠷ ᠲᠥᠭᠦᠷᠢᠭ ᠣᠷᠴᠢᠮ ᠳᠤ ᠬᠦᠷᠦᠭᠦᠯᠦᠨ᠎ᠡ᠃ | ︵ᠲᠠᠪᠤ︶ ᠲᠣᠭᠠᠴᠢᠯᠠᠭᠰᠠᠨ ᠪᠣᠬᠢᠷᠳᠤᠯ ᠦᠭᠡᠢ ᠶᠢᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ᠎ᠡ᠃ ᠠᠵᠤ ᠦᠢᠯᠡᠰ ᠤᠨ | ᠲᠤᠭᠠᠴᠢᠯᠠᠯᠳᠠ ᠣᠶᠤᠨᠴᠢᠯᠠᠯᠲᠠ ᠶᠢᠨ ᠪᠣᠬᠢᠷᠳᠤᠯ ᠦᠭᠡᠢ ᠯᠦᠭᠡ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠶᠢᠲ᠋ᠠ᠂ | ᠡᠭᠦᠯᠡᠨ ᠪᠣᠳᠣᠯᠲᠠ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠶᠢᠨ ᠴᠠᠭᠢᠯᠭᠠᠨ ᠬᠦᠴᠦᠨ ᠤ ᠰᠢᠰᠲ᠋ᠧᠮ᠂ ᠠᠵᠤ ᠦᠢᠯᠡᠳᠪᠦᠷᠢ ᠲᠠᠷᠢᠶᠠᠯᠠᠩ ᠤᠨ | ᠦᠢᠯᠡᠳᠪᠦᠷᠢᠯᠡᠯ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠵᠡᠷᠭᠡ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠢ | ᠭᠦᠨᠵᠡᠭᠡᠶᠢᠷᠡᠭᠦᠯᠵᠦ᠂ ᠲᠣᠭᠠᠴᠢᠯᠠᠭᠰᠠᠨ ᠮᠡᠷᠭᠡᠵᠢᠯ ᠳᠤ ᠡᠨᠧᠷᠭᠢ ᠣᠯᠭᠤᠵᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠡᠯ᠎ᠡ | ᠲᠥᠷᠥᠯ ᠤᠨ ᠬᠡᠷᠡᠭᠯᠡᠭᠴᠢᠳ ᠤᠨ ︽ᠡᠭᠦᠯᠡᠨ ᠲᠠᠪᠴᠠᠩ ᠳᠤ ᠭᠠᠷᠬᠤ᠂ ᠳ᠋ᠠᠶᠢᠲ᠋ᠠ ᠶᠢ ᠬᠡᠷᠡᠭᠯᠡᠬᠦ᠂ ᠡᠨᠧᠷᠭᠢ ᠣᠯᠭᠤᠬᠤ︾ ᠶᠢ ᠠᠬᠢᠭᠤᠯᠵᠤ᠂ ᠠᠵᠤ ᠠᠬᠤᠶᠢᠯᠠᠯ ᠤᠨ | ᠲᠤᠭᠠᠴᠢᠯᠠᠯᠲᠠ ᠣᠶᠤᠨᠴᠢᠯᠠᠯᠲᠠ ᠶᠢᠨ ᠮᠡᠷᠭᠡᠵᠢᠯ᠂ ᠪᠣᠬᠢᠷᠳᠤᠯ ᠦᠭᠡᠢ ᠬᠥᠭᠵᠢᠯᠲᠡ ᠶᠢᠨ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ | ᠳᠡᠭᠡᠭᠰᠢᠯᠡᠭᠦᠯᠭᠦ ᠶᠢ ᠳᠡᠮᠵᠢᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠨᠢᠭᠡᠨᠲᠡ ᠪᠠᠶᠢᠭ᠎ᠠ ᠲᠤᠨᠤᠭ ᠲᠥᠬᠦᠭᠡᠷᠦᠮᠵᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ | ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ︽ᠣᠨ ᠵᠢᠯ ᠤᠳᠠᠭᠰᠠᠨ ᠬᠠᠭᠤᠴᠢᠷᠠᠭᠰᠠᠨ ᠪᠠᠭ᠎ᠠ ᠲᠠᠷᠠᠬᠠᠢ︾ ᠲᠤᠨᠤᠭ ᠲᠥᠬᠦᠭᠡᠷᠦᠮᠵᠢ ᠶᠢ ᠠᠯᠬᠤᠮ ᠠᠯᠬᠤᠮ ᠢᠶᠠᠷ | ᠰᠢᠭᠰᠢᠭᠳᠡᠭᠦᠯᠦᠨ᠎ᠡ᠃ ᠲᠣᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ | ᠪᠠᠭᠠᠲᠠᠢ ᠬᠥᠭᠵᠢᠯᠲᠡ ᠶᠢ ᠬᠥᠲᠥᠯᠥᠨ ᠵᠢᠯᠤᠭᠤᠳᠴᠤ᠂ ᠡᠬᠢᠨ ᠤ ᠪᠠ ᠡᠴᠦᠰ ᠤᠨ ᠬᠡᠯᠬᠢᠶᠡᠨ ᠤ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠭᠦ ᠳᠤ ᠬᠦᠴᠦᠨ ᠨᠡᠮᠡᠷᠢᠯᠡᠨ᠎ᠡ᠃ ᠣᠷᠴᠢᠨ ᠲᠣᠭᠤᠷᠢᠨ ᠤ ᠪᠣᠬᠢᠷᠳᠤᠯ ᠪᠠ ᠴᠠᠭ ᠠᠭᠤᠷ ᠤᠨ | ᠭᠠᠮᠰᠢᠭ ᠢ ᠥᠨᠳᠥᠷ ᠦᠷ᠎ᠡ ᠪᠦᠲᠦᠮᠵᠢᠲᠡᠶ ᠪᠠᠷ ᠬᠢᠨᠠᠨ ᠰᠢᠨᠵᠢᠬᠦ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠡᠮᠵᠢᠯᠡᠭᠦᠯᠭᠦ᠂ ᠰᠢᠨᠵᠢᠯᠡᠬᠦ ᠤᠬᠠᠭᠠᠨᠴᠢ ᠪᠠᠷ ᠵᠠᠳᠠᠯᠬᠤ᠂ | ᠣᠶᠤᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ ᠪᠣᠳᠠᠲᠤ ᠦᠵᠡᠮᠵᠢ ᠶᠢᠨ ᠭᠤᠷᠪᠠᠨ ᠬᠡᠮᠵᠢᠯᠲᠦ ᠳᠤᠮᠳᠠᠳᠤ | ᠤᠯᠤᠰ ᠤᠨ ᠪᠦᠲᠦᠭᠡᠨ ᠪᠠᠶᠢᠭᠤᠯᠤᠯᠲᠠ ᠪᠣᠯᠣᠨ ᠴᠠᠭ ᠣᠷᠣᠨ ᠵᠠᠢ ᠶᠢᠨ ᠮᠡᠳᠡᠭᠡ ᠵᠠᠩᠭᠢ ᠪᠠᠷ ᠡᠨᠧᠷᠭᠢ ᠣᠯᠭᠤᠬᠤ ᠬᠡᠷᠡᠭᠯᠡᠯᠲᠡ ᠶᠢ ᠠᠬᠢᠭᠤᠯᠤᠨ᠎ᠠ᠃ | ᠳᠥᠷᠪᠡ᠂ ᠡᠨᠧᠷᠭᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ | ᠠᠬᠢᠭᠤᠯᠤᠨ᠎ᠠ | ︵ᠵᠢᠷᠭᠤᠭ᠎ᠠ︶ ᠴᠢᠯᠠᠭᠤᠵᠢᠮᠠᠯ ᠡᠨᠧᠷᠭᠢ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠨ᠎ᠠ᠃ ᠡᠨᠧᠷᠭᠢ ᠶᠢᠨ ᠦᠢᠯᠡᠳᠪᠦᠷᠢᠯᠡᠯ | ᠬᠠᠩᠭᠠᠯᠭ᠎ᠠ ᠨᠥᠭᠡᠴᠡᠯᠡᠬᠦ ᠪᠣᠷᠤᠯᠠᠭᠤᠯᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ | ᠴᠢᠯᠠᠭᠤᠵᠢᠮᠠᠯ ᠪᠤᠰᠤ ᠡᠨᠧᠷᠭᠢ ᠶᠢᠨ ᠠᠮᠤᠷ ᠲᠦᠪᠰᠢᠨ ᠨᠠᠶᠢᠳᠠᠪᠤᠷᠢᠲᠠᠢ ᠡᠮᠬᠢ ᠵᠢᠷᠤᠮ ᠲᠠᠢ ᠪᠠᠷ ᠴᠢᠯᠠᠭᠤᠵᠢᠮᠠᠯ ᠡᠨᠧᠷᠭᠢ ᠶᠢ ᠣᠷᠣᠯᠠᠬᠤ ᠶᠢ ᠠᠬᠢᠭᠤᠯᠵᠤ᠂ | ᠡᠨᠧᠷᠭᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠪᠴᠢᠯᠡᠨ ᠲᠥᠯᠥᠪᠵᠢᠭᠦᠯᠦᠨ | ᠪᠠᠶᠢᠭᠤᠯᠤᠨ᠎ᠠ᠃ ᠴᠢᠯᠠᠭᠤᠵᠢᠮᠠᠯ ᠡᠨᠧᠷᠭᠢ ᠶᠢᠨ ᠬᠡᠷᠡᠭᠯᠡᠭᠡ ᠶᠢ ᠡᠷᠡᠰ ᠬᠢᠵᠠᠭᠠᠷᠯᠠᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠠᠰᠢᠭᠯᠠᠬᠤ ᠶᠢ ᠭᠦᠨᠵᠡᠭᠡᠢ | ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠡᠭᠦᠷᠡᠰᠦᠨ ᠤ ᠬᠡᠷᠡᠭᠯᠡᠭᠡ ᠶᠢᠨ ᠨᠡᠮᠡᠭᠳᠡᠯ ᠢ ᠴᠢᠩᠭ᠎ᠠ ᠵᠦᠢ | ᠵᠣᠬᠢᠰᠲᠠᠢ ᠬᠢᠵᠠᠭᠠᠷᠯᠠᠵᠤ᠂ ᠲᠠᠷᠠᠭᠠᠴᠢ ᠶᠢᠨ 5 ᠵᠢᠯ ᠳᠤ ᠠᠯᠬᠤᠮ ᠠᠯᠬᠤᠮ ᠢᠶᠠᠷ ᠪᠠᠭᠠᠰᠬᠠᠵᠤ᠂ ᠡᠨᠧᠷᠭᠢ ᠶᠢᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠭᠰᠠᠨ | ᠤᠷᠢᠲᠠᠯ ᠳᠣᠣᠷ᠎ᠠ᠂ ᠭᠤᠣᠯᠳᠠᠯᠭ᠎ᠠ ᠲᠠᠢ ᠣᠷᠣᠨ ᠪᠦᠰᠡ ᠳᠤ ᠨᠡᠭᠦᠷᠡᠰᠦᠨ ᠤ ᠬᠡᠷᠡᠭᠯᠡᠭᠡ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠬᠢᠵᠠᠭᠠᠷᠯᠠᠵᠤ᠂ ᠰᠤᠯᠠ | ᠨᠡᠭᠦᠷᠡᠰᠦ ᠪᠠᠷ ᠣᠷᠣᠯᠠᠭᠤᠯᠬᠤ ᠶᠢ ᠢᠳᠡᠪᠬᠢᠲᠡᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠣᠳᠣᠬᠠᠨ ᠤ ᠬᠡᠷᠡᠭᠯᠡᠵᠦ ᠪᠠᠶᠢᠭ᠎ᠠ ᠨᠡᠭᠦᠷᠡᠰᠦ ᠴᠠᠭᠢᠯᠭᠠᠨ ᠤ ᠮᠠᠰᠢᠨ | ᠴᠣᠭᠴᠠᠯᠠᠪᠤᠷᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠢ | ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ ᠶᠢᠨ ︽ᠭᠤᠷᠪᠠ ᠶᠢ ᠥᠭᠡᠷᠡᠴᠢᠯᠡᠵᠦ ᠬᠤᠯᠪᠤᠭᠠᠯᠠᠨ ᠬᠥᠳᠡᠯᠦᠯᠴᠡᠬᠦ︾ ᠶᠢ ᠲᠦᠷᠭᠡᠳᠬᠡᠵᠦ᠂ ᠴᠠᠭᠢᠯᠭᠠᠨ | ᠬᠦᠴᠦᠨ ᠤ ᠰᠢᠰᠲ᠋ᠧᠮ ᠤᠨ ᠠᠮᠤᠷ ᠲᠦᠪᠰᠢᠨ ᠢ ᠪᠠᠲᠤᠯᠠᠬᠤ ᠳᠤ ᠵᠠᠪᠠᠯ ᠱᠠᠭᠠᠷᠳᠠᠭᠳᠠᠬᠤ ᠲᠣᠬᠢᠷᠠᠭᠤᠯᠬᠤ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠨᠡᠭᠦᠷᠡᠰᠦ | ᠴᠠᠭᠢᠯᠭᠠᠨ ᠢ ᠵᠦᠢ ᠵᠣᠬᠢᠰᠲᠠᠢ ᠲᠥᠯᠥᠪᠯᠡᠨ ᠪᠠᠶᠢᠭᠤᠯᠤᠨ᠎ᠠ᠃ ᠴᠢᠯᠠᠭᠤᠨ ᠲᠣᠰᠣ ᠰᠢᠲᠠᠮᠠᠬᠠᠢ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ | ᠪᠠ ᠨᠥᠭᠡᠴᠡᠯᠡᠬᠦ ᠶᠢ ᠨᠡᠮᠡᠭᠳᠡᠭᠦᠯᠦᠨ ᠭᠠᠷᠤᠯᠲᠠ ᠶᠢ ᠨᠡᠮᠡᠭᠳᠡᠭᠦᠯᠬᠦ ᠡᠷᠴᠢᠮ ᠢ ᠴᠢᠩᠭᠠᠷᠠᠭᠤᠯᠵᠤ᠂ ᠴᠢᠯᠠᠭᠤᠨ ᠲᠣᠰᠣ ᠰᠢᠲᠠᠮᠠᠬᠠᠢ ᠬᠡᠢ ᠶᠢ ᠬᠠᠶᠢᠨ ᠰᠢᠨᠵᠢᠯᠡᠵᠦ ᠨᠡᠭᠡᠭᠡᠨ | ᠠᠰᠢᠭᠯᠠᠬᠤ ᠬᠢᠭᠡᠳ ᠰᠢᠨ᠎ᠡ ᠡᠨᠧᠷᠭᠢ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠢᠶᠠᠨ | ᠴᠤᠭᠯᠠᠭᠤᠯᠵᠤ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠳᠣᠯᠤᠭ᠎ᠠ︶ ᠴᠢᠯᠠᠭᠤᠵᠢᠮᠠᠯ ᠪᠤᠰᠤ ᠡᠨᠧᠷᠭᠢ ᠶᠢ ᠶᠡᠭᠡ ᠪᠠᠷ ᠬᠥᠭᠵᠢᠭᠦᠯᠦᠨ᠎ᠡ᠃ ᠪᠠᠷᠠᠭᠤᠨ ᠬᠤᠶᠢᠲᠤ ᠶᠢᠨ ᠰᠠᠯᠬᠢᠨ ᠴᠠᠭᠢᠯᠭᠠᠨ ᠬᠦᠴᠦᠨ ᠭᠡᠷᠡᠯᠴᠢ ᠴᠡᠨᠡᠭ᠂ | ᠪᠠᠷᠠᠭᠤᠨ ᠡᠮᠦᠨᠡᠲᠦ ᠶᠢᠨ ᠤᠰᠤᠨ ᠴᠠᠭᠢᠯᠭᠠᠨ᠂ ᠳᠠᠯᠠᠶ ᠳᠡᠭᠡᠷᠡᠬᠢ ᠰᠠᠯᠬᠢᠨ ᠬᠦᠴᠦᠨ ᠤ ᠴᠠᠭᠢᠯᠭᠠᠨ᠂ ᠳᠠᠯᠠᠶ ᠳᠠᠭᠠᠤ ᠶᠢᠨ ᠴᠥᠮ᠎ᠡ ᠶᠢᠨ ᠴᠠᠭᠢᠯᠭᠠᠨ ᠵᠡᠷᠭᠡ ᠴᠡᠪᠡᠷ | ᠡᠨᠧᠷᠭᠢ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠠᠬᠠᠢ ᠮᠠᠶ᠋ᠢᠭ ᠤᠨ ᠭᠡᠷᠡᠯᠴᠢ ᠴᠡᠨᠡᠭ᠂ ᠲᠠᠷᠠᠬᠠᠢ ᠮᠠᠶ᠋ᠢᠭ ᠤᠨ ᠰᠠᠯᠬᠢᠨ ᠴᠠᠭᠢᠯᠭᠠᠨ | ᠬᠦᠴᠦᠨ ᠢ ᠢᠳᠡᠪᠬᠢᠲᠡᠢ ᠬᠥᠭᠵᠢᠭᠦᠯᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠳᠠᠰ ᠤᠨ ᠡᠨᠧᠷᠭᠢ᠂ ᠭᠠᠵᠠᠷ ᠤᠨ ᠢᠯᠴᠢ ᠶᠢᠨ | ᠡᠨᠧᠷᠭᠢ᠂ ᠳᠠᠯᠠᠶ ᠲᠠᠩᠭᠢᠰ ᠤᠨ ᠡᠨᠧᠷᠭᠢ ᠵᠡᠷᠭᠡ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠵᠦ᠂ ᠤᠰᠤᠲᠥ᠋ᠷᠥᠭᠴᠢ ᠶᠢᠨ ᠡᠨᠧᠷᠭᠢ ᠶᠢ ︽ᠦᠢᠯᠡᠳᠬᠦ ᠨᠥᠭᠡᠴᠡᠯᠡᠬᠦ | ᠬᠦᠷᠭᠡᠵᠦ ᠬᠡᠷᠡᠭᠯᠡᠬᠦ︾ ᠪᠦᠭᠦ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠎ᠠ᠃ ᠤᠰᠤᠨ ᠴᠠᠭᠢᠯᠭᠠᠨ ᠢ ᠨᠡᠭᠡᠭᠡᠨ ᠬᠥᠭᠵᠢᠭᠦᠯᠬᠦ ᠪᠠ ᠠᠮᠢ ᠠᠬᠤᠢ ᠶᠢᠨ ᠬᠠᠮᠠᠭᠠᠯᠠᠯᠲᠠ ᠶᠢ | ᠨᠢᠭᠡᠳᠦᠯᠲᠡᠢ ᠲᠥᠯᠥᠪᠯᠡᠵᠦ᠂ ᠤᠰᠤ ᠰᠠᠯᠬᠢ ᠭᠡᠷᠡᠯ ᠢ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠴᠥᠮ᠎ᠡ ᠶᠢᠨ ᠴᠠᠭᠢᠯᠭᠠᠨ ᠢ ᠢᠳᠡᠪᠬᠢᠲᠡᠢ | ᠠᠶᠤᠯ ᠦᠭᠡᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠵᠦᠢ ᠵᠣᠬᠢᠰᠲᠠᠢ ᠪᠠᠶᠢᠷᠢᠰᠢᠭᠤᠯᠬᠤ ᠪᠠ ᠲᠣᠭᠲᠠᠭᠤᠨ ᠪᠠᠶᠢᠯᠭᠠᠬᠤ ᠪᠦᠲᠦᠭᠡᠨ ᠪᠠᠶᠢᠭᠤᠯᠤᠯᠲᠠ ᠶᠢᠨ ᠠᠶᠢᠵᠠᠮ ᠢ | ᠪᠠᠲᠤᠯᠠᠨ᠎ᠠ᠃ 2030 ᠣᠨ ᠪᠤᠯᠬᠤ ᠳᠤ᠂ ᠴᠢᠯᠠᠭᠤᠵᠢᠮᠠᠯ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ 25% ᠣᠷᠴᠢᠮ ᠪᠤᠯᠲᠠᠯ᠎ᠠ ᠳᠡᠭᠡᠭᠰᠢᠯᠡᠭᠦᠯᠦᠨ᠎ᠡ᠃ | | ︵ᠨᠠᠢᠮᠠ︶ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠴᠡᠪᠡᠷ ᠡᠨᠧᠷᠭᠢ ᠶᠢᠨ ᠰᠠᠭᠤᠷᠢᠨ᠂ ᠲᠣᠬᠢᠷᠠᠭᠤᠯᠬᠤ | ᠴᠢᠨᠠᠷᠲᠠᠢ ᠡᠬᠢ ᠪᠠᠶᠠᠯᠢᠭ ᠪᠠ ᠴᠠᠭᠢᠯᠭᠠᠨ ᠬᠦᠷᠭᠡᠬᠦ ᠨᠡᠪᠲᠡᠷᠡᠬᠦ ᠵᠠᠮ ᠤᠨ ᠬᠡᠪᠴᠢᠶᠡᠲᠦ ᠴᠢᠳᠠᠪᠤᠷᠢ᠂ ᠣᠷᠣᠨ ᠵᠠᠢ ᠶᠢᠨ ᠪᠠᠶᠢᠷᠢᠰᠢᠭᠤᠯᠤᠯᠲᠠ᠂ ᠪᠦᠲᠦᠭᠡᠨ | ᠪᠠᠶᠢᠭᠤᠯᠤᠯᠲᠠ ᠶᠢᠨ ᠠᠶᠢᠵᠠᠮ ᠵᠡᠷᠭᠡ ᠲᠠᠯ᠎ᠠ ᠶᠢᠨ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠰᠢᠲᠠᠮᠠᠬᠠᠢ ᠬᠡᠢ ᠶᠢᠨ ᠢᠷᠡᠯᠲᠡ ᠶᠢ ᠨᠠᠶᠢᠳᠠᠪᠤᠷᠢᠵᠢᠭᠤᠯᠵᠤ ᠪᠤᠯᠬᠤ᠂ | ᠰᠢᠲᠠᠮᠠᠬᠠᠢ ᠬᠡᠢ ᠶᠢᠨ ᠦᠨ᠎ᠡ ᠶᠢ ᠳᠠᠭᠠᠭᠠᠵᠤ ᠳᠡᠶᠢᠯᠭᠦ ᠭᠠᠵᠠᠷ ᠣᠷᠣᠨ ᠳᠤ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠣᠷᠭᠢᠯ ᠤᠨ ᠬᠤᠭᠤᠴᠠᠭ᠎ᠠ ᠶᠢ ᠲᠣᠬᠢᠷᠠᠭᠤᠯᠬᠤ | ᠴᠠᠭᠢᠯᠭᠠᠨ ᠥᠷᠲᠡᠭᠡ ᠪᠠᠶᠢᠷᠢᠯᠠᠭᠤᠯᠬᠤ ᠶᠢ ᠵᠣᠷᠢᠭᠵᠢᠭᠤᠯᠵᠤ᠂ ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠬᠤ᠂ ᠭᠡᠷᠡᠯ | ᠢᠯᠴᠢ ᠪᠠᠷ ᠴᠠᠭᠢᠯᠭᠠᠨ ᠭᠠᠷᠭᠠᠬᠤ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠴᠠᠭᠢᠯᠭᠠᠨ ᠬᠦᠴᠦᠨ ᠤ ᠰᠢᠰᠲ᠋ᠧᠮ ᠤᠨ ᠠᠶᠤᠯ ᠦᠭᠡᠢ ᠠᠵᠢᠯᠯᠠᠬᠤ ᠪᠠ | ᠶᠡᠷᠦᠩᠬᠡᠶᠢᠯᠡᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶᠤᠨᠲᠤ ᠴᠠᠭᠢᠯᠭᠠᠨ ᠲᠣᠣᠷ ᠢ ᠪᠦᠲᠦᠭᠡᠨ ᠪᠠᠶᠢᠭᠤᠯᠵᠤ᠂ ᠪᠢᠴᠢᠯ ᠴᠠᠭᠢᠯᠭᠠᠨ ᠲᠣᠣᠷ᠂ | ᠳᠠᠭᠤᠷᠢᠶᠠᠮᠠᠯ ᠴᠠᠭᠢᠯᠭᠠᠨ ᠦᠢᠯᠡᠳᠪᠦᠷᠢ᠂ ᠡᠨᠧᠷᠭᠢ ᠲᠣᠣᠷ ᠳᠠᠭᠠᠭᠠᠴᠠ ᠨᠥᠭᠡᠴᠡ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠎ᠡ᠃ ᠴᠠᠭᠢᠯᠭᠠᠨ ᠬᠦᠴᠦᠨ ᠤ ᠬᠡᠷᠡᠭᠴᠡᠭᠡᠨ ᠤ ᠬᠠᠵᠠᠭᠤ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠴᠠᠭᠢᠯᠭᠠᠨ ᠬᠦᠴᠦᠨ ᠤ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠳᠤ ᠵᠣᠬᠢᠴᠠᠬᠤ ᠪᠠᠶᠢᠭᠤᠯᠤᠯ ᠲᠣᠭᠲᠠᠴᠠ ᠶᠢ | ᠤᠯᠠᠮ ᠨᠢᠭᠡ ᠠᠯᠬᠤᠮ ᠪᠦᠷᠢᠨᠰᠢᠭᠦᠯᠦᠨ᠎ᠡ᠃ 2030 ᠣᠨ ᠪᠤᠯᠬᠤ ᠳᠤ᠂ ᠤᠰᠤ ᠲᠠᠲᠠᠵᠤ ᠡᠨᠧᠷᠭᠢ ᠬᠠᠳᠠᠭᠠᠯᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1.2 | ᠳ᠋ᠦᠩᠰᠢᠭᠤᠷ ᠭᠢᠯᠦᠸᠠᠲ ᠢ ᠳᠠᠪᠠᠭᠤᠯᠤᠨ᠎ᠠ᠃ | ᠲᠠᠪᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ | ︵ᠶᠢᠰᠦ︶ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠪᠣᠬᠢᠷᠳᠤᠯ ᠦᠭᠡᠢ ᠪᠥᠭᠡᠳ ᠥᠨᠳᠥᠷ ᠪᠦᠲᠦᠮᠵᠢᠲᠡᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠵᠤ᠂ ᠤᠯᠤᠰ ᠤᠨ ᠲᠡᠮᠦᠷ ᠵᠠᠮ᠂ ᠵᠠᠰᠠᠮᠠᠯ ᠵᠠᠮ᠂ ᠤᠰᠤᠨ ᠲᠡᠭᠡᠭᠡᠪᠦᠷᠢ ᠶᠢᠨ ᠲᠣᠣᠷ ᠢ ᠲᠡᠭᠦᠯᠳᠡᠷᠵᠢᠭᠦᠯᠦᠨ᠂ ᠠᠳᠠᠯᠢ ᠪᠤᠰᠤ | ᠲᠡᠭᠡᠭᠡᠪᠦᠷᠢ ᠶᠢᠨ ᠠᠷᠭ᠎ᠠ ᠮᠠᠶ᠋ᠢᠭ ᠤᠨ ᠵᠦᠢ ᠵᠣᠬᠢᠰᠲᠠᠢ ᠠᠵᠢᠯ ᠤᠨ ᠬᠤᠪᠢᠶᠠᠷᠢᠯᠠᠯ᠂ ᠪᠦᠲᠦᠮᠵᠢᠲᠡᠢ ᠵᠣᠯᠭᠠᠯᠳᠤᠯ ᠢ ᠠᠬᠢᠭᠤᠯᠵᠤ᠂ ᠪᠠᠷᠠᠭ᠎ᠠ ᠦᠭᠡᠢ ᠬᠤᠭᠤᠰᠤᠨ ᠢᠶᠠᠷ | ᠠᠶᠠᠯᠠᠬᠤ ᠨᠤᠷᠮ᠎ᠠ ᠪᠠ ᠠᠶᠠᠨᠴᠢᠨ ᠤ ᠪᠠ ᠪᠠᠷᠠᠭᠠᠨ ᠤ ᠲᠡᠭᠡᠭᠡᠪᠦᠷᠢ ᠶᠢᠨ ᠵᠦᠢ ᠵᠣᠬᠢᠰ ᠦᠭᠡᠢ ᠡᠷᠭᠢᠯᠲᠡ ᠶᠢᠨ ᠬᠡᠮᠵᠢᠶ᠎ᠡ ᠶᠢ ᠪᠠᠭᠤᠷᠠᠭᠤᠯᠤᠨ᠎ᠠ᠃ ᠣᠯᠠᠨ ᠭᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢᠨ ︽ᠨᠢᠭᠡ ᠬᠠᠭᠤᠳᠠᠰᠤ ᠶᠢᠨ ᠳᠦᠷᠢᠮ︾᠂ ︽ᠨᠢᠭᠡ ᠬᠠᠶᠢᠷᠴᠠᠭ ᠤᠨ ᠳᠦᠷᠢᠮ︾ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ | ᠪᠠᠷᠠᠭ᠎ᠠ ᠶᠢᠨ ᠲᠡᠭᠡᠭᠡᠪᠦᠷᠢ ᠶᠢᠨ ᠲᠤᠰᠬᠠᠢ ᠬᠡᠷᠡᠭᠯᠡᠬᠦ ᠲᠡᠮᠦᠷ ᠵᠠᠮ ᠪᠣᠯᠣᠨ ᠳᠣᠲᠣᠭᠠᠳᠤ ᠭᠤᠣᠯ ᠤᠨ ᠳᠡᠭᠡᠳᠦ ᠲᠠᠰ ᠤᠨ ᠠᠶᠠᠯᠠᠯ ᠤᠨ ᠵᠠᠮ ᠤᠨ ᠲᠣᠣᠷ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠭᠤᠣᠯ ᠪᠤᠯᠬᠤ ᠭᠠᠷᠠᠮ᠂ ᠲᠣᠮᠣ ᠭᠡᠯᠪᠡᠷᠢ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠪᠣᠯᠣᠨ ᠪᠠᠷᠠᠭᠠᠨ ᠤ ᠭᠦᠢᠯᠭᠡᠭᠡᠨ ᠤ | ᠬᠦᠷᠢᠶᠡᠯᠡᠩ ᠲᠣᠭᠤᠷᠢᠭ ᠤᠨ ᠲᠡᠮᠦᠷ ᠵᠠᠮ ᠤᠨ ᠲᠤᠰᠬᠠᠢ ᠬᠡᠷᠡᠭᠯᠡᠬᠦ ᠱᠤᠭᠤᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠳᠤᠯ ᠦᠭᠡᠢ ᠲᠥᠪᠯᠡᠷᠡᠭᠦᠯᠬᠦ | ᠲᠠᠷᠬᠠᠭᠠᠬᠤ ᠲᠡᠭᠡᠭᠡᠪᠦᠷᠢᠯᠡᠬᠦ ᠬᠠᠷᠢᠴᠠᠯ ᠢ ᠳᠡᠭᠡᠭᠰᠢᠯᠡᠭᠦᠯᠦᠨ᠂ ᠪᠥᠭᠡᠮ ᠲᠠᠸᠠᠷ ᠤᠨ ᠲᠡᠮᠦᠷ ᠵᠠᠮ᠂ ᠤᠰᠤᠨ ᠵᠠᠮ ᠤᠨ ᠲᠡᠭᠡᠭᠡᠪᠦᠷᠢ ᠶᠢᠨ ᠬᠤᠪᠢ ᠶᠢᠨ ᠵᠢᠩ ᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠠᠷᠠᠳ ᠤᠨ ᠠᠭᠠᠷ ᠤᠨ ᠲᠡᠭᠡᠭᠡᠪᠦᠷᠢ ᠶᠢᠨ ᠠᠭᠠᠷ ᠤᠨ ᠠᠶᠠᠯᠠᠯ ᠤᠨ ᠱᠤᠭᠤᠮ ᠢ ᠰᠢᠯᠢᠳᠡᠭᠵᠢᠭᠦᠯᠵᠦ᠂ ᠨᠢᠰᠬᠡᠯ ᠤᠨ ᠪᠠᠭᠤᠳᠠᠯ ᠤᠨ | ᠠᠵᠢᠯᠯᠠᠭᠠᠨ ᠤ ᠴᠠᠬᠢᠯᠭᠠᠨᠵᠢᠭᠤᠯᠬᠤ ᠣᠶᠤᠨᠴᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠠᠷᠪᠠ︶ ᠪᠣᠬᠢᠷᠳᠤᠯ ᠦᠭᠡᠢ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠲᠡᠷᠭᠡᠨ ᠥᠷᠲᠡᠭᠡ᠂ | ᠨᠢᠰᠬᠡᠯ ᠤᠨ ᠪᠠᠭᠤᠳᠠᠯ᠂ ᠭᠠᠷᠠᠮ᠂ ᠲᠦᠷᠭᠡᠨ ᠤ ᠵᠠᠰᠠᠮᠠᠯ ᠵᠠᠮ ᠤᠨ ᠲᠤᠨᠤᠭ ᠲᠥᠬᠦᠭᠡᠷᠦᠮᠵᠢ ᠶᠢᠨ ᠪᠣᠬᠢᠷᠳᠤᠯ ᠦᠭᠡᠢ ᠪᠥᠭᠡᠳ ᠣᠶᠤᠨᠴᠢᠯᠠᠭᠰᠠᠨ ᠬᠢᠷᠢ ᠲᠦᠪᠰᠢᠨ ᠢ | ᠳᠡᠭᠡᠭᠰᠢᠯᠡᠭᠦᠯᠵᠦ᠂ ᠣᠳᠣ ᠶᠢᠨ ᠪᠠᠶᠢᠭ᠎ᠠ ᠵᠠᠮ ᠬᠠᠷᠢᠯᠴᠠᠭ᠎ᠠ ᠶᠢᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠲᠡᠶᠢᠰᠢ ᠥᠭᠡᠷᠡᠴᠢᠯᠡᠨ ᠳᠡᠭᠡᠭᠰᠢᠯᠡᠭᠦᠯᠭᠦ ᠶᠢ ᠠᠬᠢᠭᠤᠯᠤᠨ᠂ ᠨᠢᠭᠡ ᠪᠦᠯᠦᠭ ᠨᠡᠭᠦᠷᠡᠰᠦᠲᠥ᠋ᠷᠥᠭᠴᠢ ᠪᠠᠭᠠᠲᠠᠢ | ︵ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ︶ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠭᠠᠷᠠᠮ᠂ ᠲᠦᠷᠭᠡᠨ ᠤ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠢ ᠪᠦᠲᠦᠭᠡᠨ ᠪᠠᠶᠢᠭᠤᠯᠵᠤ᠂ ᠲᠦᠷᠭᠡᠨ ᠤ ᠵᠠᠰᠠᠮᠠᠯ ᠵᠠᠮ ᠳᠠᠭᠠᠤ ᠶᠢᠨ ᠭᠡᠷᠡᠯᠴᠢ ᠴᠡᠨᠡᠭ ᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ | ᠬᠥᠭᠵᠢᠭᠦᠯᠦᠨ᠎ᠡ᠃ ᠴᠡᠨᠡᠭᠯᠡᠬᠦ ︵ᠰᠣᠯᠢᠬᠤ︶ ᠴᠠᠭᠢᠯᠭᠠᠨ ᠥᠷᠲᠡᠭᠡ᠂ ᠤᠰᠤᠲᠥ᠋ᠷᠥᠭᠴᠢ ︵ᠠᠯᠺᠤᠣᠯ︶ ᠨᠡᠮᠡᠬᠦ ᠥᠷᠲᠡᠭᠡ᠂ ᠡᠷᠭᠢ ᠶᠢᠨ ᠴᠠᠭᠢᠯᠭᠠᠨ ᠵᠡᠷᠭᠡ ᠰᠠᠭᠤᠷᠢ | ᠲᠥᠬᠦᠭᠡᠷᠦᠮᠵᠢ ᠶᠢᠨ ᠲᠣᠣᠷ ᠢ ᠲᠡᠭᠦᠯᠳᠡᠷᠵᠢᠭᠦᠯᠵᠦ᠂ ᠬᠤᠲᠠ ᠶᠢᠨ ᠣᠶᠤᠨᠲᠤ ᠵᠠᠮ ᠬᠠᠷᠢᠯᠴᠠᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ | ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ ᠤᠨ | ᠪᠣᠬᠢᠷᠳᠤᠯ ᠦᠭᠡᠢ ᠪᠥᠭᠡᠳ ᠣᠶᠤᠨᠴᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ | ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠶᠠᠪᠠᠭᠠᠨ ᠬᠥᠮᠥᠨ ᠤ ᠵᠠᠮ ᠪᠠ ᠳᠤᠭᠤᠢ ᠲᠡᠷᠭᠡᠨ ᠤ ᠲᠤᠰᠬᠠᠢ ᠵᠠᠮ ᠵᠡᠷᠭᠡ ᠬᠤᠳᠠ ᠶᠢᠨ ᠤᠳᠠᠭᠠᠨ ᠶᠠᠪᠤᠬᠤ ᠵᠠᠮ ᠤᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠨ᠎ᠠ᠃ | ︵ᠠᠷᠪᠠᠨ ᠨᠢᠭᠡ︶ ᠨᠡᠭᠦᠷᠡᠰᠦᠲᠥ᠋ᠷᠥᠭᠴᠢ ᠪᠠᠭᠠᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢ ᠳᠡᠯᠭᠡᠷᠡᠭᠦᠯᠦᠨ᠎ᠡ᠃ ᠰᠢᠨ᠎ᠡ ᠡᠨᠧᠷᠭᠢ ᠬᠡᠷᠡᠭᠯᠡᠬᠦ ᠮᠠᠰᠢᠨ | ᠲᠡᠷᠭᠡ ᠶᠢ ᠶᠡᠭᠡ ᠪᠠᠷ ᠳᠡᠯᠭᠡᠷᠡᠭᠦᠯᠵᠦ᠂ ᠬᠤᠳᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠡᠷᠭᠡ ᠶᠢᠨ ᠴᠠᠬᠢᠯᠭᠠᠨᠵᠢᠭᠤᠯᠤᠯᠲᠠ ᠪᠠᠷ ᠣᠷᠣᠯᠠᠭᠤᠯᠬᠤ ᠶᠢ | ᠠᠬᠢᠭᠤᠯᠤᠨ᠎ᠠ᠃ ᠣᠩᠭᠤᠴᠠ ᠰᠠᠯ᠂ ᠨᠢᠰᠦᠭᠦᠷ᠂ ᠵᠠᠮ ᠬᠠᠷᠢᠯᠴᠠᠭᠠᠨ ᠤ ᠪᠤᠰᠤ ᠰᠢᠯᠵᠢᠭᠡ ᠮᠧᠬᠠᠨᠢᠭ ᠵᠡᠷᠭᠡ ᠳᠤ ᠴᠡᠪᠡᠷ ᠬᠥᠳᠡᠯᠭᠡᠭᠴᠢ ᠬᠦᠴᠦᠨ ᠬᠡᠷᠡᠭᠯᠡᠬᠦ ᠶᠢ | ᠠᠬᠢᠭᠤᠯᠵᠤ᠂ ᠬᠠᠭᠤᠴᠢᠨ ᠲᠡᠭᠡᠭᠡᠪᠦᠷᠢ ᠶᠢᠨ ᠪᠠᠭᠠᠵᠢ ᠶᠢ ᠲᠦᠷᠭᠡᠪᠴᠢᠯᠡᠨ ᠰᠢᠭᠰᠢᠭᠳᠡᠭᠦᠯᠵᠦ᠂ ᠭᠠᠳᠠᠭᠰᠢᠯᠠᠭᠤᠯᠤᠯᠲᠠ ᠦᠭᠡᠢ ᠪᠠᠷᠠᠭᠠᠨ ᠤ ᠲᠡᠭᠡᠭᠡᠪᠦᠷᠢ ᠶᠢ ᠠᠬᠢᠭᠤᠯᠵᠤ᠂ | ᠦᠷᠭᠦᠯᠵᠢᠯᠡᠬᠦ ᠠᠭᠠᠷ ᠤᠨ ᠠᠶᠠᠯᠠᠯ ᠤᠨ ᠲᠦᠯᠡᠰᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠴᠢᠩᠭᠠᠳᠬᠠᠨ᠂ ᠭᠠᠳᠠᠭᠰᠢᠯᠠᠭᠤᠯᠤᠯᠲᠠ ᠦᠭᠡᠢ ᠴᠡᠪᠡᠷ | ᠭᠠᠳᠠᠭᠰᠢᠯᠠᠭᠤᠯᠤᠯᠲᠠ ᠲᠠᠢ ᠣᠩᠭᠤᠴᠠᠨ ᠳᠤ ᠬᠡᠷᠡᠭᠯᠡᠬᠦ ᠲᠦᠯᠡᠰᠢ ᠶᠢ ᠰᠤᠳᠤᠯᠤᠨ ᠨᠡᠭᠡᠭᠡᠵᠦ ᠦᠢᠯᠡᠳᠪᠦᠷᠢᠯᠡᠵᠦ ᠬᠡᠷᠡᠭᠯᠡᠬᠦ ᠶᠢ ᠵᠣᠷᠢᠭᠵᠢᠭᠤᠯᠤᠨ᠎ᠠ᠃ 2030 ᠣᠨ | ᠪᠤᠯᠬᠤ ᠳᠤ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠨᠢᠭᠡᠴᠢ ᠶᠢ ᠰᠣᠯᠢᠵᠤ ᠪᠤᠳᠤᠬᠤ ᠡᠷᠭᠢᠯᠲᠡ ᠶᠢᠨ ᠬᠡᠮᠵᠢᠶ᠎ᠡ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠬᠦᠴᠦᠯᠡᠴᠡ ᠶᠢ 2020 ᠣᠨ ᠤ ᠬᠢ ᠠᠴᠠ 9.5% ᠣᠷᠴᠢᠮ ᠪᠤᠯᠲᠠᠯ᠎ᠠ ᠪᠠᠭᠤᠷᠠᠭᠤᠯᠤᠨ᠎ᠠ᠃ 2035 ᠣᠨ ᠪᠤᠯᠬᠤ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ | ᠨᠢ ᠰᠢᠨ᠎ᠡ ᠪᠠᠷ ᠪᠣᠷᠣᠯᠠᠭᠤᠯᠬᠤ ᠮᠠᠰᠢᠨ ᠲᠡᠷᠭᠡᠨ ᠤ ᠭᠤᠣᠯ ᠤᠷᠤᠰᠬᠠᠯ ᠪᠣᠯᠣᠨ᠎ᠠ᠃ | ᠵᠢᠷᠭᠤᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ | ︵ᠠᠷᠪᠠᠨ ᠬᠤᠶᠠᠷ︶ ᠪᠣᠬᠢᠷᠳᠤᠯ ᠦᠭᠡᠢ ᠲᠥᠯᠥᠪᠯᠡᠨ ᠪᠠᠶᠢᠭᠤᠯᠬᠤ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ | ᠪᠠᠶᠢᠭᠤᠯᠤᠯᠲᠠ᠂ ᠵᠠᠰᠠᠯᠲᠠ ᠶᠢᠨ ᠡᠯ᠎ᠡ ᠭᠤᠭᠴᠤᠭ᠎ᠠ ᠳᠤ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠥᠯᠦᠪᠵᠢᠭᠦᠯᠭᠡ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ ᠢ | ᠰᠠᠨᠠᠭᠠᠴᠢᠯᠠᠵᠤ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠴᠢᠩᠭ᠎ᠠ ᠰᠠᠬᠢᠵᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠭᠡᠲᠦ ᠲᠦᠷᠭᠡᠨ ᠨᠡᠮᠡᠭᠳᠡᠬᠦ ᠶᠢ ᠡᠵᠡᠮᠳᠡᠨ᠂ ᠵᠦᠯᠭᠡᠨ ᠭᠠᠵᠠᠷ᠂ ᠤᠰᠤᠨ ᠣᠷᠣᠨ᠂ ᠨᠤᠭᠤ ᠭᠠᠵᠠᠷ ᠵᠡᠷᠭᠡ ᠠᠮᠢ ᠠᠬᠤᠢ ᠶᠢᠨ ᠣᠷᠣᠨ ᠵᠠᠢ ᠶᠢ | ᠬᠠᠮᠠᠭᠠᠯᠠᠬᠤ ᠪᠠ ᠰᠡᠷᠭᠦᠭᠡᠵᠦ᠂ ᠱᠤᠤᠭᠢᠶᠠᠨ ᠳᠤ ᠰᠡᠷᠭᠡᠭ ᠪᠠᠷᠢᠯᠭ᠎ᠠ ᠲᠥᠪᠯᠡᠷᠡᠭᠰᠡᠨ ᠣᠷᠣᠨ ᠪᠦᠰᠡ ᠶᠢ ᠵᠦᠢ ᠵᠣᠬᠢᠰᠲᠠᠢ ᠲᠥᠯᠥᠪᠯᠡᠨ᠎ᠡ᠃ ᠠᠭᠤᠷ ᠠᠮᠢᠰᠬᠤᠯ ᠳᠤ | ᠵᠣᠬᠢᠴᠠᠬᠤ ᠭᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠠᠭᠤᠷ ᠠᠮᠢᠰᠬᠤᠯ ᠤᠨ ᠤᠶᠠᠨ ᠬᠠᠳᠠᠨ ᠴᠢᠨᠠᠷ ᠢ | ᠨᠡᠮᠡᠭᠳᠡᠭᠦᠯᠦᠨ᠎ᠡ᠃ ᠪᠣᠬᠢᠷᠳᠤᠯ ᠦᠭᠡᠢ ᠪᠦᠲᠦᠭᠡᠨ ᠪᠠᠶᠢᠭᠤᠯᠬᠤ ᠠᠷᠭ᠎ᠠ ᠮᠠᠶ᠋ᠢᠭ ᠢ ᠳᠡᠯᠭᠡᠷᠡᠭᠦᠯᠵᠦ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠡᠩ ᠲᠡᠷᠢᠭᠦᠨ ᠳᠤ | ᠰᠣᠩᠭᠤᠨ ᠬᠡᠷᠡᠭᠯᠡᠵᠦ᠂ ᠳᠡᠭᠳᠡᠮᠡᠯ ᠲᠣᠭᠤᠰᠣᠨ ᠤ ᠪᠣᠬᠢᠷᠳᠤᠯ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ᠎ᠡ᠃ | ︵ᠠᠷᠪᠠᠨ ᠭᠤᠷᠪᠠ︶ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠎ᠡ᠃ ᠪᠠᠷᠢᠯᠭ᠎ᠠ ᠶᠢᠨ ᠡᠨᠧᠷᠭᠢ ᠶᠢᠨ | ᠠᠰᠢᠭᠯᠠᠮᠵᠢ ᠶᠢᠨ ᠳᠡᠰ ᠤᠨ ᠳᠦᠷᠢᠮ ᠢ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠳᠤᠮᠳᠠ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ | ᠬᠠᠷᠢᠴᠠᠯ ᠢ ᠳᠡᠭᠡᠭᠰᠢᠯᠡᠭᠦᠯᠵᠦ᠂ ᠭᠡᠲᠦ ᠪᠠᠭ᠎ᠠ ᠡᠨᠧᠷᠭᠢ ᠶᠢᠨ ᠬᠤᠷᠣᠭᠳᠠᠯ ᠲᠠᠢ ᠪᠠᠷᠢᠯᠭ᠎ᠠ ᠶᠢᠨ ᠬᠡᠪᠴᠢᠶᠡᠵᠢᠭᠰᠡᠨ ᠬᠥᠭᠵᠢᠯᠲᠡ ᠶᠢ ᠠᠬᠢᠭᠤᠯᠤᠨ᠎ᠠ᠃ ᠨᠢᠭᠡᠨᠲᠡ ᠪᠠᠶᠢᠭ᠎ᠠ | ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠡᠨᠧᠷᠭᠢ ᠠᠷᠪᠢᠯᠠᠨ ᠤᠰᠤ ᠠᠷᠪᠢᠯᠠᠵᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠲᠦᠷᠭᠡᠳᠬᠡᠨ᠂ ᠲᠡᠷᠢᠭᠦᠨ ᠤ ᠪᠥᠭᠡᠳ ᠥᠨᠳᠥᠷ ᠦᠷ᠎ᠡ ᠪᠦᠲᠦᠮᠵᠢᠲᠡᠶ ᠭᠡᠷᠡᠯᠲᠦᠭᠦᠯᠭᠡ᠂ ᠠᠭᠠᠷ | ᠲᠣᠬᠢᠷᠠᠭᠤᠯᠤᠭᠴᠢ᠂ ᠴᠠᠭᠢᠯᠭᠠᠨ ᠱᠠᠲᠤ ᠵᠡᠷᠭᠡ ᠲᠥᠬᠦᠭᠡᠷᠦᠮᠵᠢ ᠶᠢ ᠳᠡᠯᠭᠡᠷᠡᠭᠦᠯᠦᠨ᠎ᠡ᠃ ᠪᠠᠷᠢᠯᠭ᠎ᠠ ᠶᠢᠨ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ | ᠪᠠᠷᠢᠯᠭ᠎ᠠ ᠶᠢᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠭᠡᠷᠡᠯᠴᠢ ᠴᠡᠨᠡᠭ᠂ ᠡᠨᠧᠷᠭᠢ ᠬᠠᠳᠠᠭᠠᠯᠠᠬᠤ᠂ ᠲᠣᠭᠲᠠᠮᠠᠯ | ᠭᠦᠶᠦᠳᠡᠯᠲᠦ ᠴᠠᠭᠢᠯᠭᠠᠨ᠂ ᠤᠶᠠᠨ ᠴᠢᠨᠠᠷ ᠪᠦᠬᠦᠢ ᠠᠭᠤᠰᠤᠯᠴᠠᠯ︾ ᠤᠨ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠵᠤ᠂ ᠴᠡᠪᠡᠷ ᠨᠡᠭᠦᠷᠡᠰᠦᠲᠥ᠋ᠷᠥᠭᠴᠢ ᠪᠠᠭᠠᠲᠠᠢ ᠢᠯᠴᠢ | ᠬᠠᠩᠭᠠᠬᠤ ᠶᠢ ᠬᠥᠭᠵᠢᠭᠦᠯᠦᠨ᠎ᠡ᠃ | ︵ᠠᠷᠪᠠᠨ ᠳᠥᠷᠪᠡ︶ ᠬᠥᠳᠡᠭᠡ ᠠᠵᠤ ᠠᠬᠤᠢ ᠬᠥᠳᠡᠭᠡ ᠲᠣᠰᠬᠤᠨ ᠤ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠠᠵᠤ ᠠᠬᠤᠢ ᠬᠥᠳᠡᠭᠡ | ᠲᠣᠰᠬᠤᠨ ᠤ ᠭᠠᠳᠠᠭᠰᠢᠯᠠᠭᠤᠯᠤᠯᠲᠠ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠲᠠᠷᠢᠵᠤ ᠲᠡᠵᠢᠭᠡᠬᠦ | ᠪᠦᠲᠦᠴᠡ ᠶᠢ ᠰᠢᠯᠢᠳᠡᠭᠵᠢᠭᠦᠯᠦᠨ᠂ ᠲᠠᠷᠢᠮᠠᠯ ᠤᠨ ᠪᠠ ᠮᠠᠯ ᠵᠢᠭᠦᠷᠲᠡᠨ ᠤ ᠰᠢᠯᠢᠳᠡᠭ ᠡᠭᠦᠯᠳᠡᠷ ᠪᠠ ᠪᠣᠬᠢᠷᠳᠤᠯ ᠦᠭᠡᠢ ᠪᠥᠭᠡᠳ ᠥᠨᠳᠥᠷ ᠪᠦᠲᠦᠮᠵᠢᠲᠡᠢ ᠲᠠᠷᠢᠵᠤ | ᠲᠡᠵᠢᠭᠡᠬᠦ ᠮᠡᠷᠭᠡᠵᠢᠯ ᠢ ᠳᠡᠯᠭᠡᠷᠡᠭᠦᠯᠵᠦ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠬᠥᠳᠡᠭᠡ ᠠᠵᠤ ᠠᠬᠤᠢ ᠶᠢᠨ ᠣᠷᠣᠭᠤᠯᠤᠯᠲᠠ ᠶᠢᠨ ᠡᠳ᠋ ᠤᠨ ᠬᠡᠮᠵᠢᠶ᠎ᠡ ᠶᠢ | ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠡᠰᠢ ᠰᠦᠷᠡᠯ᠂ ᠲᠠᠷᠢᠶᠠᠯᠠᠩ ᠤᠨ ᠰᠦᠯᠢᠶᠥᠦ ᠪᠦᠷᠬᠦᠪᠴᠢ᠂ ᠲᠠᠷᠢᠶᠠᠨ ᠡᠮ ᠤᠨ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠡᠳ᠋᠂ ᠮᠠᠯ ᠵᠢᠭᠦᠷᠲᠡᠨ ᠤ ᠢᠯᠭᠠᠳᠠᠰᠤ ᠵᠡᠷᠭᠡ ᠲᠠᠷᠢᠶᠠᠯᠠᠩ ᠤᠨ ᠬᠠᠶᠠᠭᠳᠠᠮᠠᠯ ᠡᠳ᠋ ᠢ ᠴᠤᠭᠯᠠᠭᠤᠯᠤᠨ ᠠᠰᠢᠭᠯᠠᠵᠤ ᠰᠢᠢᠳᠪᠦᠷᠢᠯᠡᠬᠦ | ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠰᠢ ᠰᠦᠷᠡᠯ ᠰᠢᠲᠠᠭᠠᠬᠤ ᠶᠢ ᠴᠠᠭᠠᠵᠠᠯᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ᠬᠥᠳᠡᠭᠡ ᠲᠣᠰᠬᠤᠨ ᠤ | ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠭᠦ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠪᠣᠬᠢᠷᠳᠤᠯ ᠦᠭᠡᠢ | ᠬᠥᠭᠵᠢᠯᠲᠡ ᠶᠢᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠶᠢ ᠪᠣᠶᠢᠵᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠳᠠᠭᠢᠨ | ᠡᠭᠦᠰᠴᠦ ᠪᠤᠯᠬᠤ ᠡᠨᠧᠷᠭᠢ ᠶᠢ ᠨᠡᠭᠡᠭᠡᠨ ᠠᠰᠢᠭᠯᠠᠵᠤ᠂ ᠬᠥᠳᠡᠭᠡ ᠲᠣᠰᠬᠤᠨ ᠤ ᠭᠠᠵᠠᠷ ᠣᠷᠣᠨ ᠤ ᠴᠡᠪᠡᠷ ᠳᠤᠯᠠᠭᠠᠯᠠᠭ᠎ᠠ ᠶᠢ ᠡᠮᠬᠢ ᠵᠢᠷᠤᠮ ᠲᠠᠢ ᠪᠠᠷ ᠠᠬᠢᠭᠤᠯᠤᠨ᠎ᠠ᠃ | ᠲᠤᠯᠤᠭ᠎ᠠ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ | ︵ᠠᠷᠪᠠᠨ ᠲᠠᠪᠤ︶ ᠡᠨᠧᠷᠭᠢ ᠠᠷᠪᠢᠯᠠᠵᠤ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ ᠶᠡᠭᠡ ᠪᠠᠷ ᠠᠬᠢᠭᠤᠯᠤᠨ᠎ᠠ᠃ | ᠡᠨᠧᠷᠭᠢ ᠠᠷᠪᠢᠯᠠᠬᠤ ᠠᠵᠢᠯ ᠢ ᠥᠨᠳᠥᠷ ᠲᠦᠪᠰᠢᠨ᠂ ᠴᠢᠨᠠᠷ ᠰᠠᠶᠢᠲᠠᠢ ᠪᠠᠷ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠲᠤᠨᠤᠭ ᠲᠥᠬᠦᠭᠡᠷᠦᠮᠵᠢ ᠶᠢᠨ ᠦᠢᠯᠡᠳᠬᠦᠨ ᠢ ᠰᠢᠨᠡᠳᠬᠡᠨ | ᠰᠣᠯᠢᠵᠤ ᠲᠡᠰ ᠳᠡᠪᠰᠢᠭᠦᠯᠬᠦ ᠶᠢ ᠲᠦᠷᠭᠡᠳᠬᠡᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠦᠷᠢᠳᠬᠡᠨ ᠲᠣᠭᠠᠴᠠᠭ᠎ᠠ ᠬᠢᠬᠦ ᠰᠢᠰᠲ᠋ᠧᠮ ᠢ ᠪᠠᠶᠢᠭᠤᠯᠵᠤ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠶᠢ ᠴᠢᠩᠭᠠᠳᠬᠠᠨ᠂ ᠲᠥᠷᠥᠯ ᠵᠦᠢᠯ ᠤᠨ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠦᠨᠡᠯᠡᠬᠦ ᠶᠢ ᠰᠦᠪᠡᠭᠴᠢᠯᠡᠨ ᠥᠷᠨᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ | ᠬᠤᠷᠣᠭᠳᠠᠭᠤᠯᠤᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠪᠣᠭᠤᠮᠲᠠ ᠶᠢ ᠴᠢᠩᠭ᠎ᠠ ᠰᠠᠬᠢᠨ᠎ᠠ᠃ ᠠᠵᠤ ᠠᠬᠤᠶᠢᠯᠠᠯ ᠤᠨ ᠡᠨᠧᠷᠭᠢ ᠠᠷᠪᠢᠯᠠᠨ | ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠡᠨᠧᠷᠭᠢ ᠠᠷᠪᠢᠯᠠᠨ | ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ ᠪᠠᠭᠤᠷᠠᠭᠤᠯᠬᠤ ︽ᠣᠨᠣᠰᠢᠯᠠᠯᠲᠠ + ᠥᠭᠡᠷᠡᠴᠢᠯᠡᠯᠲᠡ︾ ᠶᠢᠨ ᠵᠠᠭᠪᠤᠷ ᠢ ᠳᠡᠯᠭᠡᠷᠡᠭᠦᠯᠵᠦ᠂ ᠡᠨᠧᠷᠭᠢ ᠠᠷᠪᠢᠯᠠᠬᠤ ᠶᠢᠨ ᠬᠢᠨᠠᠨ | ᠪᠠᠶᠢᠴᠠᠭᠠᠯᠲᠠ ᠶᠢ ᠴᠢᠩᠭᠠᠳᠬᠠᠨ᠎ᠠ᠃ | ︵ᠠᠷᠪᠠᠨ ᠵᠢᠷᠭᠤᠭ᠎ᠠ︶ ᠡᠬᠢ ᠪᠠᠶᠠᠯᠢᠭ ᠢ ᠠᠷᠪᠢᠲᠠᠢ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠴᠢᠩᠭᠠᠳᠬᠠᠨ᠎ᠠ᠃ ᠡᠬᠢ ᠪᠠᠶᠠᠯᠢᠭ ᠤᠨ | ᠶᠡᠷᠦᠩᠬᠡᠢ ᠬᠡᠮᠵᠢᠶᠡᠨ ᠤ ᠬᠠᠮᠢᠶᠠᠷᠤᠯᠲᠠ ᠪᠠ ᠪᠦᠭᠦ ᠲᠠᠯ᠎ᠠ ᠪᠠᠷ ᠠᠷᠪᠢᠯᠠᠬᠤ ᠳᠦᠷᠢᠮ ᠢ ᠲᠡᠭᠦᠯᠳᠡᠷᠵᠢᠭᠦᠯᠵᠦ᠂ ᠤᠰᠤ᠂ ᠠᠮᠤ ᠪᠤᠳᠠᠭ᠎ᠠ᠂ ᠭᠠᠵᠠᠷ ᠰᠢᠷᠣᠢ᠂ ᠠᠭᠤᠷᠬᠠᠢ ᠶᠢᠨ | ᠭᠠᠷᠤᠯᠲᠠ ᠵᠡᠷᠭᠡ ᠡᠯ᠎ᠡ ᠲᠦᠷᠦᠯ ᠤᠨ ᠡᠬᠢ ᠪᠠᠶᠠᠯᠢᠭ ᠤᠨ ᠪᠦᠭᠦ ᠶᠠᠪᠤᠴᠠ ᠶᠢᠨ ᠬᠠᠮᠢᠶᠠᠷᠤᠯᠲᠠ ᠪᠠ ᠪᠦᠭᠦ ᠬᠡᠯᠬᠢᠶᠡᠨ ᠤ ᠠᠷᠪᠢᠯᠠᠯᠲᠠ ᠶᠢ ᠴᠢᠩᠭᠠᠳᠬᠠᠨ᠎ᠠ᠃ ᠤᠰᠤᠨ ᠤ | ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠤᠨ ᠳᠦᠷᠢᠮ ᠢ ᠨᠠᠶᠢᠳᠠᠪᠤᠷᠢᠵᠢᠭᠤᠯᠤᠨ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠵᠦ᠂ ᠬᠡᠪ ᠤᠨ ᠪᠤᠰᠤ ᠤᠰᠤᠨ | ᠰᠤᠷᠪᠤᠯᠵᠢ ᠶᠢ ᠠᠰᠢᠭᠯᠠᠬᠤ ᠶᠢ ᠴᠢᠩᠭᠠᠳᠬᠠᠨ᠂ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠤᠨ᠎ᠠ᠃ ᠢᠳᠡᠭᠡᠨ ᠢ ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠬᠠᠤᠯᠢ ᠶᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠪᠠ ᠢᠳᠡᠭᠡᠨ ᠢ ᠠᠷᠪᠢᠯᠠᠨ ᠭᠠᠮᠨᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠡᠭᠦᠯᠳᠡᠷᠵᠢᠭᠦᠯᠵᠦ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠪᠠ | ᠭᠠᠵᠠᠷ ᠰᠢᠷᠣᠢ ᠶᠢ ᠠᠷᠪᠢᠲᠠᠢ ᠡᠷᠴᠢᠮᠲᠡᠢ ᠠᠰᠢᠭᠯᠠᠬᠤ ᠳᠦᠷᠢᠮ ᠢ ᠨᠠᠶᠢᠳᠠᠪᠤᠷᠢᠵᠢᠭᠤᠯᠵᠤ᠂ ᠭᠠᠵᠠᠷ ᠰᠢᠷᠣᠢ ᠠᠷᠪᠢᠯᠠᠬᠤ ᠮᠡᠷᠭᠡᠵᠢᠯ ᠪᠠ ᠭᠠᠵᠠᠷ ᠰᠢᠷᠣᠢ ᠠᠷᠪᠢᠯᠠᠬᠤ | ᠵᠠᠭᠪᠤᠷ ᠢ ᠳᠡᠯᠭᠡᠷᠡᠭᠦᠯᠵᠦ᠂ ᠬᠠᠳᠠᠭᠠᠯᠠᠭᠳᠠᠵᠤ ᠪᠠᠶᠢᠭ᠎ᠠ ᠭᠠᠵᠠᠷ ᠰᠢᠷᠣᠢ ᠶᠢ ᠨᠡᠭᠡᠭᠡᠨ ᠠᠰᠢᠭᠯᠠᠬᠤ ᠶᠢ ᠰᠢᠯᠢᠳᠡᠭᠵᠢᠭᠦᠯᠵᠦ᠂ ᠲᠠᠯᠠᠢ ᠶᠢᠨ ᠣᠷᠣᠨ ᠤ ᠣᠷᠣᠨ ᠵᠠᠢ ᠶᠢ | ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠬᠠᠮᠠᠭᠠᠯᠠᠬᠤ ᠪᠠ ᠵᠦᠢ | ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠨᠡᠭᠡᠭᠡᠨ ᠮᠠᠯᠲᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠢᠨᠠᠷ ᠮᠠᠭᠤᠲᠠᠢ ᠡᠬᠢ ᠪᠠᠶᠠᠯᠢᠭ ᠢ ᠠᠰᠢᠭᠯᠠᠬᠤ ᠶᠢ | ᠴᠢᠩᠭᠠᠳᠬᠠᠨ᠎ᠠ᠃ | ︵ᠠᠷᠪᠠᠨ ᠳᠣᠯᠤᠭ᠎ᠠ︶ ᠡᠷᠭᠢᠯᠲᠡᠲᠦ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠡᠷᠭᠢᠯᠲᠡᠲᠦ ᠠᠵᠤ ᠠᠬᠤᠢ ᠶᠢᠨ ᠨᠡᠭᠦᠷᠡᠰᠦᠳᠦ᠋ᠷᠦᠭᠴᠢ ᠶᠢᠨ ᠬᠡᠮᠵᠢᠶ᠎ᠡ ᠶᠢ | ᠪᠠᠭᠤᠷᠠᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠡᠬᠢ ᠪᠠᠶᠠᠯᠢᠭ ᠤᠨ ᠡᠷᠭᠢᠯᠲᠡᠲᠦ ᠮᠠᠶ᠋ᠢᠭ ᠤᠨ ᠦᠢᠯᠡᠳᠪᠦᠷᠢᠯᠡᠯ ᠤᠨ ᠵᠠᠭᠪᠤᠷ ᠢ | ᠳᠡᠯᠭᠡᠷᠡᠭᠦᠯᠦᠨ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠳᠠᠭᠢᠨ ᠦᠢᠯᠡᠳᠬᠦ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠂ ᠳᠠᠭᠢᠨ ᠡᠭᠦᠰᠴᠦ ᠪᠤᠯᠬᠤ ᠮᠠᠲ᠋ᠧᠷᠢᠶᠠᠯ ᠪᠠ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠤᠤᠯ ᠡᠬᠢ ᠪᠠᠶᠠᠯᠢᠭ ᠢ | ᠣᠷᠣᠯᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠡᠬᠢ ᠪᠠᠶᠠᠯᠢᠭᠵᠢᠭᠤᠯᠤᠨ ᠠᠰᠢᠭᠯᠠᠬᠤ | ᠨᠣᠷᠮ᠎ᠠ ᠶᠢ ᠳᠡᠭᠡᠭᠰᠢᠯᠡᠭᠦᠯᠦᠨ᠎ᠡ᠃ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠪᠦᠷᠢᠨᠰᠢᠭᠦᠯᠵᠦ᠂ ᠬᠠᠶᠠᠭᠳᠠᠮᠠᠯ ᠪᠣᠳᠠᠰ ᠢ ᠲᠥᠷᠥᠯ ᠬᠤᠪᠢᠶᠠᠨ | ᠰᠢᠢᠳᠪᠦᠷᠢᠯᠡᠬᠦ ᠪᠠ ᠡᠭᠡᠭᠦᠯᠦᠨ ᠬᠤᠷᠢᠶᠠᠬᠤ ᠴᠢᠳᠠᠪᠤᠷᠢ ᠶᠢ ᠴᠢᠩᠭᠠᠷᠠᠭᠤᠯᠤᠨ᠂ ᠳᠠᠭᠢᠨ ᠠᠰᠢᠭᠯᠠᠬᠤ ᠶᠢ ᠬᠡᠪᠴᠢᠶᠡᠵᠢᠭᠦᠯᠬᠦ᠂ ᠵᠢᠷᠤᠮᠵᠢᠭᠤᠯᠬᠤ᠂ ᠨᠠᠷᠢᠯᠢᠭᠵᠢᠭᠤᠯᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ 2030 ᠣᠨ ᠪᠤᠯᠬᠤ ᠳᠤ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠵᠢᠯ ᠤᠨ ᠠᠰᠢᠭᠯᠠᠯᠲᠠ ᠶᠢᠨ | ᠬᠡᠮᠵᠢᠶ᠎ᠡ ᠶᠢ 45 ᠳ᠋ᠦᠩᠰᠢᠭᠤᠷ ᠲᠣᠨ ᠣᠷᠴᠢᠮ ᠳᠤ ᠬᠦᠷᠭᠡᠵᠦ᠂ ᠭᠤᠣᠯ ᠪᠤᠯᠬᠤ ᠡᠬᠢ ᠪᠠᠶᠠᠯᠢᠭ ᠤᠨ ᠦᠢᠯᠡᠳᠪᠦᠷᠢᠯᠡᠬᠦ ᠨᠣᠷᠮ᠎ᠠ ᠶᠢ 2020 ᠣᠨ ᠤ ᠬᠢ ᠠᠴᠠ | 45% ᠣᠷᠴᠢᠮ ᠳᠡᠭᠡᠭᠰᠢᠯᠡᠭᠦᠯᠦᠨ᠎ᠡ᠃ | ᠨᠠᠢᠮᠠ᠂ ᠬᠡᠷᠡᠭᠯᠡᠭᠡ ᠶᠢᠨ ᠵᠠᠭᠪᠤᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ | ︵ᠠᠷᠪᠠᠨ ᠨᠠᠢᠮᠠ︶ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠠᠷᠪᠢᠲᠠᠢ ᠪᠥᠭᠡᠳ ᠲᠣᠬᠢᠷᠠᠮᠵᠢᠲᠠᠢ᠂ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ᠂ ᠪᠣᠯᠪᠠᠰᠤᠨ ᠪᠥᠭᠡᠳ ᠡᠷᠡᠭᠦᠯ ᠠᠮᠢᠳᠤᠷᠠᠯ ᠤᠨ ᠣᠶᠢᠯᠠᠭᠠᠭᠳᠠᠬᠤᠨ ᠪᠠ ᠬᠡᠷᠡᠭᠯᠡᠭᠡᠨ ᠤ ᠠᠷᠭ᠎ᠠ ᠮᠠᠶ᠋ᠢᠭ ᠢ ᠶᠡᠭᠡ ᠪᠠᠷ ᠰᠠᠨᠠᠭᠠᠴᠢᠯᠠᠵᠤ᠂ | ᠪᠣᠬᠢᠷᠳᠤᠯ ᠦᠭᠡᠢ ᠶᠢ ᠡᠷᠭᠢᠮᠯᠡᠭᠦ ᠣᠶᠢᠯᠠᠭᠠᠭᠳᠠᠬᠤᠨ ᠪᠠ ᠠᠷᠪᠢᠯᠠᠨ ᠭᠠᠮᠨᠠᠬᠤ ᠱᠠᠭᠠᠷᠳᠠᠯᠭ᠎ᠠ ᠶᠢ ᠬᠤᠳᠠ ᠶᠢᠨ ᠠᠷᠠᠳ ᠤᠨ ᠨᠡᠶᠢᠲᠡ ᠶᠢᠨ ᠭᠡᠷ᠎ᠡ᠂ ᠭᠠᠴᠠᠭᠠᠨ ᠤ | ᠲᠣᠭᠲᠠᠭᠠᠯ ᠠᠷᠠᠳ ᠤᠨ ᠭᠡᠷ᠎ᠡ᠂ ᠰᠤᠷᠤᠬᠴᠢᠳ ᠤᠨ ᠰᠠᠬᠢᠬᠤ ᠳᠦᠷᠢᠮ᠂ ᠪᠦᠯᠭᠦᠮ ᠤᠨ ᠳᠦᠷᠢᠮ ᠵᠡᠷᠭᠡ ᠨᠡᠶᠢᠭᠡᠮ ᠤᠨ ᠵᠢᠷᠤᠮᠵᠢᠯ ᠳᠤ ᠠᠭᠤᠰᠬᠠᠨ ᠣᠷᠣᠭᠤᠯᠵᠤ᠂ ᠪᠦᠭᠦ | ᠠᠷᠠᠳ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠴᠢᠩᠭᠠᠳᠬᠠᠨ᠎ᠠ᠃ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠦᠭᠦ ᠠᠷᠠᠳ ᠤᠨ ᠠᠵᠢᠯᠯᠠᠭ᠎ᠠ ᠶᠢ ᠥᠷᠨᠢᠭᠦᠯᠵᠦ᠂ ᠣᠯᠠᠨ ᠨᠡᠶᠢᠲᠡ ᠶᠢᠨ ᠤᠰᠤ ᠶᠢ ᠠᠷᠪᠢᠯᠠᠨ ᠴᠠᠭᠢᠯᠭᠠᠨ ᠬᠡᠷᠡᠭᠯᠡᠬᠦ ᠶᠢ | ᠬᠥᠲᠥᠯᠥᠨ ᠵᠢᠯᠤᠭᠤᠳᠴᠤ᠂ ᠱᠠᠯᠢᠨ ᠪᠦᠷᠢᠯᠭᠡᠬᠦ ᠶᠢ ᠡᠰᠡᠷᠭᠦᠴᠡᠨ᠂ ︽ᠠᠷᠪᠢᠲᠠᠢ ᠬᠤᠭᠤᠯᠠᠯᠠᠬᠤ ᠠᠵᠢᠯᠯᠠᠭ᠎ᠠ︾ ᠶᠢ ᠳᠡᠯᠭᠡᠷᠡᠭᠦᠯᠵᠦ᠂ ᠭᠡᠲᠦ ᠨᠠᠷᠢᠯᠢᠭ ᠪᠣᠭᠤᠳᠠᠯᠯᠠᠬᠤ ᠶᠢ | ᠬᠤᠷᠢᠭᠯᠠᠨ᠂ ᠨᠢᠭᠡ ᠯᠡ ᠤᠳᠠᠭ᠎ᠠ ᠬᠡᠷᠡᠭᠯᠡᠬᠦ ᠵᠦᠢᠯᠡᠰ ᠤᠨ ᠬᠡᠷᠡᠭᠯᠡᠯᠲᠡ ᠶᠢ ᠪᠠᠭᠠᠰᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠶᠠᠪᠠᠭᠠᠨ ᠶᠠᠪᠤᠬᠤ᠂ ᠳᠤᠭᠤᠢ ᠲᠡᠷᠭᠡ | ᠵᠡᠷᠭᠡ ᠪᠣᠬᠢᠷᠳᠤᠯ ᠦᠭᠡᠢ ᠶᠠᠪᠤᠵᠤ ᠰᠠᠭᠤᠬᠤ ᠠᠷᠭ᠎ᠠ ᠮᠠᠶ᠋ᠢᠭ ᠢ ᠤᠷᠢᠳ ᠢᠶᠠᠷ ᠰᠣᠩᠭᠤᠬᠤ ᠶᠢ ᠬᠥᠲᠥᠯᠥᠨ ᠵᠢᠯᠤᠭᠤᠳᠴᠤ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠦᠨ᠂ ᠱᠤᠤᠭᠢᠶᠠᠨ᠂ ᠣᠲᠤᠭ᠎ᠠ᠂ ᠦᠮᠡᠬᠡᠢ ᠦᠨᠦᠷ ᠵᠡᠷᠭᠡ ᠣᠯᠠᠨ ᠲᠦᠮᠡᠨ ᠤ ᠳᠡᠷᠭᠡᠳᠡᠬᠢ ᠣᠷᠴᠢᠨ | ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠢ ᠡᠷᠭᠢᠮᠯᠡᠭᠦ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠦᠨ᠎ᠡ᠃ | ︵ᠠᠷᠪᠠ ᠶᠢᠰᠦ︶ ᠪᠣᠬᠢᠷᠳᠤᠯ ᠦᠭᠡᠢ ᠪᠦᠲᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠪᠣᠬᠢᠷᠳᠤᠯ ᠦᠭᠡᠢ ᠪᠠᠷ ᠵᠢᠷᠤᠵᠤ ᠲᠥᠯᠥᠪᠯᠡᠬᠦ᠂ | ᠪᠣᠬᠢᠷᠳᠤᠯ ᠦᠭᠡᠢ ᠮᠠᠲ᠋ᠧᠷᠢᠶᠠᠯ ᠢ ᠰᠣᠩᠭᠤᠬᠤ᠂ ᠪᠣᠬᠢᠷᠳᠤᠯ ᠦᠭᠡᠢ ᠦᠢᠯᠡᠳᠬᠦ᠂ ᠪᠣᠬᠢᠷᠳᠤᠯ ᠦᠭᠡᠢ ᠪᠣᠭᠤᠳᠠᠯᠯᠠᠬᠤ᠂ ᠪᠣᠬᠢᠷᠳᠤᠯ ᠦᠭᠡᠢ ᠲᠡᠭᠡᠭᠡᠪᠦᠷᠢᠯᠡᠬᠦ᠂ ᠡᠬᠢ | ᠪᠠᠶᠠᠯᠢᠭ ᠢ ᠬᠤᠷᠢᠶᠠᠨ ᠠᠪᠴᠤ ᠠᠰᠢᠭᠯᠠᠬᠤ ᠶᠢ ᠬᠥᠲᠥᠯᠥᠨ ᠵᠢᠯᠤᠭᠤᠳᠴᠤ᠂ ᠦᠢᠯᠡᠳᠬᠦᠨ ᠤ ᠪᠦᠭᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ | ᠡᠨᠧᠷᠭᠢ ᠶᠢᠨ ᠡᠬᠢ ᠪᠠᠶᠠᠯᠢᠭ ᠤᠨ ᠬᠤᠷᠣᠭᠳᠠᠯ ᠪᠠ ᠠᠮᠢ ᠠᠬᠤᠢ ᠣᠷᠴᠢᠨ ᠲᠣᠭᠤᠷᠢᠨ ᠳᠤ ᠦᠵᠡᠭᠦᠯᠭᠦ ᠨᠥᠯᠥᠭᠡ ᠶᠢ ᠪᠠᠭᠤᠷᠠᠭᠤᠯᠤᠨ᠎ᠠ᠃ ᠪᠣᠬᠢᠷᠳᠤᠯ ᠦᠭᠡᠢ | ᠦᠢᠯᠡᠳᠬᠦᠨ ᠢ ᠵᠢᠷᠤᠵᠤ ᠲᠥᠯᠥᠪᠯᠡᠬᠦ᠂ ᠬᠤᠳᠠᠯᠳᠤᠨ ᠠᠪᠬᠤ᠂ ᠦᠢᠯᠡᠳᠬᠦ ᠪᠠᠷᠢᠮᠵᠢᠶ᠎ᠠ ᠵᠢᠷᠤᠮᠵᠢᠯ ᠢ ᠪᠠᠶᠢᠭᠤᠯᠤᠨ ᠪᠦᠷᠢᠨᠰᠢᠭᠦᠯᠵᠦ᠂ ᠪᠣᠬᠢᠷᠳᠤᠯ ᠦᠭᠡᠢ ᠦᠢᠯᠡᠳᠬᠦᠨ ᠢ | ᠬᠢᠨᠠᠨ ᠭᠡᠷᠡᠴᠢᠯᠡᠬᠦ ᠬᠢᠭᠡᠳ ᠢᠯᠭᠠᠮᠵᠢ ᠲᠡᠮᠳᠡᠭ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠡᠨᠧᠷᠭᠢ ᠶᠢᠨ ᠠᠰᠢᠭᠯᠠᠮᠵᠢ᠂ ᠤᠰᠤᠨ ᠤ ᠠᠰᠢᠭᠯᠠᠮᠵᠢ ᠶᠢᠨ | ᠢᠯᠭᠠᠮᠵᠢ ᠲᠡᠮᠳᠡᠭ ᠤᠨ ᠳᠦᠷᠢᠮ ᠢ ᠲᠡᠭᠦᠯᠳᠡᠷᠵᠢᠭᠦᠯᠵᠦ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ ᠪᠠ | ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠢᠯᠭᠠᠮᠵᠢ ᠲᠡᠮᠳᠡᠭ ᠢ ᠭᠡᠷᠡᠴᠢᠯᠡᠬᠦ ᠳᠦᠷᠢᠮ ᠢ ᠲᠣᠭᠲᠠᠭᠠᠨ᠎ᠠ᠃ ᠪᠣᠬᠢᠷᠳᠤᠯ ᠦᠭᠡᠢ ᠦᠢᠯᠡᠳᠬᠦᠨ ᠪᠠ ᠦᠢᠯᠡᠴᠢᠯᠡᠭᠡᠨ ᠢ | ᠬᠢᠨᠠᠨ ᠭᠡᠷᠡᠴᠢᠯᠡᠬᠦ ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠭᠡᠷᠡᠴᠢᠯᠡᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ | ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠣᠬᠢᠷᠳᠤᠯ ᠦᠭᠡᠢ ᠶᠢᠨ ᠬᠢᠨᠠᠨ ᠭᠡᠷᠡᠴᠢᠯᠡᠬᠦ ᠪᠠᠶᠢᠭᠤᠯᠤᠮᠵᠢ ᠶᠢ ᠪᠣᠶᠢᠵᠢᠭᠤᠯᠤᠨ᠎ᠠ᠃ | ︵ᠬᠤᠷᠢ︶ ᠪᠣᠬᠢᠷᠳᠤᠯ ᠦᠭᠡᠢ ᠬᠡᠷᠡᠭᠯᠡᠭᠡ ᠶᠢ ᠢᠳᠡᠪᠬᠢᠲᠡᠢ ᠥᠷᠭᠡᠳᠬᠡᠨ᠎ᠡ᠃ ᠪᠣᠬᠢᠷᠳᠤᠯ ᠦᠭᠡᠢ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ | ᠵᠠᠰᠠᠭ ᠤᠨ ᠣᠷᠳᠣᠨ ᠤ ᠪᠣᠬᠢᠷᠳᠤᠯ ᠦᠭᠡᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠪᠣᠬᠢᠷᠳᠤᠯ ᠦᠭᠡᠢ ᠦᠢᠯᠡᠳᠬᠦᠨ ᠬᠤᠳᠠᠯᠳᠤᠨ | ᠠᠪᠬᠤ ᠬᠡᠪᠴᠢᠶ᠎ᠡ ᠪᠠ ᠬᠡᠮᠵᠢᠶ᠎ᠡ ᠶᠢ ᠥᠷᠭᠡᠳᠬᠡᠨ᠂ ᠴᠠᠭ ᠲᠤᠨᠢ ᠲᠣᠬᠢᠷᠠᠭᠤᠯᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠱᠠᠭᠠᠷᠳᠠᠯᠭ᠎ᠠ ᠶᠢ ᠵᠠᠰᠠᠭ ᠤᠨ | ᠣᠷᠳᠣᠨ ᠤ ᠬᠤᠳᠠᠯᠳᠤᠨ ᠠᠪᠬᠤ ᠳᠤ ᠣᠷᠣᠭᠤᠯᠤᠨ᠎ᠠ᠃ ᠠᠵᠤ ᠠᠬᠤᠶᠢᠯᠠᠯ ᠤᠨ ᠪᠣᠬᠢᠷᠳᠤᠯ ᠦᠭᠡᠢ ᠬᠤᠳᠠᠯᠳᠤᠨ ᠠᠪᠬᠤ ᠵᠦᠭᠯᠡᠭᠦᠷ ᠢ ᠬᠡᠷᠡᠭᠵᠢᠭᠦᠯᠬᠦ ᠶᠢ ᠬᠥᠲᠥᠯᠥᠨ | ᠵᠢᠯᠤᠭᠤᠳᠴᠤ᠂ ᠨᠥᠬᠦᠴᠡᠯ ᠲᠠᠢ ᠠᠵᠤ ᠠᠬᠤᠶᠢᠯᠠᠯ ᠤᠨ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶᠡᠰᠦ ᠪᠠᠶᠢᠭᠤᠯᠬᠤ ᠶᠢ ᠵᠣᠷᠢᠭᠵᠢᠭᠤᠯᠤᠨ᠂ ᠡᠬᠢᠨ ᠤ ᠪᠠ ᠡᠴᠦᠰ ᠤᠨ | ᠬᠡᠯᠬᠢᠶ᠎ᠡ ᠶᠢᠨ ᠠᠵᠤ ᠠᠬᠤᠶᠢᠯᠠᠯ ᠤᠨ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠎ᠠ᠃ ᠨᠥᠬᠦᠴᠡᠯ ᠲᠠᠢ ᠭᠠᠵᠠᠷ ᠣᠷᠣᠨ ᠢ ᠳᠡᠮᠵᠢᠵᠦ ᠬᠡᠷᠡᠭᠯᠡᠭᠡ ᠶᠢᠨ | ᠲᠡᠮᠳᠡᠭᠲᠦ᠂ ᠪᠣᠬᠢᠷᠳᠤᠯ ᠦᠭᠡᠢ ᠶᠢᠨ ᠬᠤᠪᠢ ᠬᠤᠷᠠᠮᠳᠤᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ︽ᠬᠠᠭᠤᠴᠢᠨ ᠢᠶᠠᠷ ᠰᠢᠨ᠎ᠡ ᠶᠢ | ᠰᠣᠯᠢᠬᠤ︾ ᠵᠡᠷᠭᠡ ᠠᠷᠭ᠎ᠠ ᠭᠡᠯᠪᠡᠷᠢ ᠶᠢ ᠬᠡᠷᠡᠭᠯᠡᠨ᠂ ᠬᠡᠷᠡᠭᠯᠡᠭᠴᠢᠳ ᠤᠨ ᠪᠣᠬᠢᠷᠳᠤᠯ ᠦᠭᠡᠢ ᠦᠢᠯᠡᠳᠬᠦᠨ ᠬᠤᠳᠠᠯᠳᠤᠨ ᠠᠪᠬᠤ ᠶᠢ ᠬᠥᠲᠥᠯᠥᠨ ᠵᠢᠯᠣᠭᠤᠳᠤᠨ᠎ᠠ᠃ | ᠰᠢᠨ᠎ᠡ ᠡᠨᠧᠷᠭᠢ ᠶᠢᠨ ᠮᠠᠰᠢᠨ ᠲᠡᠷᠭᠡ ᠪᠠ ᠪᠣᠬᠢᠷᠳᠤᠯ ᠦᠭᠡᠢ ᠣᠶᠤᠨᠴᠢ ᠭᠡᠷ ᠤᠨ ᠴᠠᠭᠢᠯᠭᠠᠨ ᠬᠡᠷᠡᠭᠰᠡᠯ᠂ ᠤᠰᠤ ᠠᠷᠪᠢᠯᠠᠬᠤ ᠪᠠᠭᠠᠵᠢ ᠬᠡᠷᠡᠭᠰᠡᠯ᠂ ᠡᠨᠧᠷᠭᠢ ᠠᠷᠪᠢᠯᠠᠬᠤ | ᠵᠤᠤᠬ᠎ᠠ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠵᠦ᠂ ᠢᠵᠢ ᠪᠦᠷᠢᠳᠦᠭᠦᠯᠬᠦ ᠲᠤᠨᠤᠭ ᠲᠥᠬᠦᠭᠡᠷᠦᠮᠵᠢ ᠶᠢᠨ | ᠪᠠᠶᠢᠭᠤᠯᠤᠯᠲᠠ ᠪᠠ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠬᠡᠷᠡᠭᠯᠡᠭᠴᠢᠳ ᠤᠨ ᠪᠣᠬᠢᠷᠳᠤᠯ ᠦᠭᠡᠢ ᠡᠨᠧᠷᠭᠢ ᠶᠢᠨ | ᠬᠡᠷᠡᠭᠯᠡᠭᠡ ᠪᠠᠨ ᠥᠷᠭᠡᠳᠬᠡᠬᠦ ᠶᠢ ᠵᠣᠷᠢᠭᠵᠢᠭᠤᠯᠤᠨ᠎ᠠ᠃ | ᠶᠢᠰᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠎ᠠ | ︵ᠬᠤᠷᠢᠨ ᠨᠢᠭᠡ︶ ᠬᠡᠷᠡᠭᠯᠡᠭᠡᠨ ᠤ ᠰᠠᠭᠤᠷᠢ ᠰᠤᠳᠤᠯᠭᠠᠨ ᠢ ᠴᠢᠩᠭᠠᠷᠠᠭᠤᠯᠤᠨ᠎ᠠ᠃ ᠬᠤᠰᠢᠭᠤᠷᠠᠯ ᠬᠥᠲᠥᠯᠥᠨ ᠳᠠᠭᠠᠭᠤᠯᠬᠤ ᠮᠡᠷᠭᠡᠵᠢᠯ᠂ ᠡᠭᠦᠳᠦᠯᠲᠡ ᠶᠢᠨ ᠴᠢᠨᠠᠷᠲᠠᠢ | ᠮᠡᠷᠭᠡᠵᠢᠯ ᠢ ᠲᠥᠰᠥᠭᠡᠯᠡᠬᠦ᠂ ᠢᠯᠡᠷᠡᠭᠦᠯᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ ᠪᠠᠶᠢᠭᠤᠯᠵᠤ᠂ ᠤᠯᠤᠰ ᠤᠨ ᠴᠢᠬᠤᠯᠠ ᠶᠡᠭᠡ | ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠥᠬᠦᠭᠡᠷᠦᠮᠵᠢ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠪᠠᠶᠢᠷᠢᠰᠢᠭᠤᠯᠵᠤ᠂ ᠨᠢᠭᠡ ᠪᠦᠯᠦᠭ ᠪᠦᠭᠦ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠ ᠤᠯᠤᠰ ᠤᠨ ᠰᠢᠨ᠎ᠡ ᠶᠢ ᠡᠭᠦᠳᠬᠦ ᠲᠠᠪᠴᠠᠩ ᠢ ᠵᠣᠬᠢᠬᠤ ᠬᠡᠮᠵᠢᠶᠡᠨ ᠳᠣᠲᠣᠷ᠎ᠠ ᠤᠷᠢᠳᠴᠢᠯᠠᠨ ᠪᠠᠶᠢᠷᠢᠰᠢᠭᠤᠯᠵᠤ᠂ | ᠨᠢᠭᠡ ᠪᠦᠯᠦᠭ ᠤᠯᠤᠰ ᠤᠨ ᠭᠤᠣᠯᠳᠠᠭ᠎ᠠ ᠲᠠᠢ ᠲᠤᠷᠰᠢᠯᠲᠠ ᠶᠢᠨ ᠳᠠᠰᠤᠭ ᠪᠠ ᠤᠯᠤᠰ ᠤᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠨᠢᠭᠡ ᠪᠦᠯᠦᠭ | ᠤᠯᠤᠰ ᠤᠨ ᠴᠢᠬᠤᠯᠠ ᠶᠡᠭᠡ ᠬᠤᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠵᠦ᠂ ᠪᠣᠬᠢᠷᠳᠤᠯ ᠦᠭᠡᠢ ᠪᠥᠭᠡᠳ | ᠨᠡᠭᠦᠷᠡᠰᠦᠳᠥ᠋ᠷᠦᠭᠴᠢ ᠪᠠᠭᠠᠲᠠᠢ ᠬᠦᠷᠢᠶ᠎ᠡ ᠴᠠᠷᠠᠭ᠎ᠠ ᠳᠠᠬᠢ ᠬᠡᠷᠡᠭᠯᠡᠭᠡᠨ ᠤ ᠰᠠᠭᠤᠷᠢ ᠰᠤᠳᠤᠯᠭᠠᠨ ᠢ ᠬᠦᠴᠦᠯᠡᠨ ᠴᠢᠩᠭᠠᠳᠬᠠᠵᠤ᠂ ᠡᠭᠦᠳᠦᠯᠲᠡ ᠶᠢᠨ ᠴᠢᠨᠠᠷᠲᠠᠢ | ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠭᠵᠢᠭᠡᠨ᠎ᠡ᠃ ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠶᠡᠭᠡ ᠳᠡᠭᠡᠳᠦ ᠰᠤᠷᠭᠠᠭᠤᠯᠢ ᠶᠢᠨ | ᠬᠢᠴᠢᠶᠡᠯ ᠰᠢᠨᠵᠢᠯᠡᠭᠡᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠣᠶᠤᠨ ᠤ | ᠰᠠᠭᠤᠷᠢ ᠶᠢ ᠪᠠᠬᠢᠵᠢᠭᠦᠯᠦᠨ᠎ᠡ᠃ | ︵ᠬᠤᠷᠢᠨ ᠬᠤᠶᠠᠷ︶ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠲᠦᠷᠭᠡᠳᠬᠡᠨ᠎ᠡ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ | ᠬᠤᠯᠪᠣᠭᠳᠠᠯ ᠪᠦᠬᠦᠢ ᠮᠡᠷᠭᠡᠵᠢᠯ ᠢ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠬᠤᠯᠪᠣᠭᠳᠠᠯ ᠪᠦᠬᠦᠢ ᠭᠤᠣᠯᠳᠠᠯᠭ᠎ᠠ ᠲᠠᠢ ᠲᠤᠰᠬᠠᠢ | ᠲᠦᠷᠦᠯ ᠵᠦᠢᠯ ᠤᠨ ᠴᠢᠬᠤᠯᠠ ᠳᠡᠮᠵᠢᠯᠭᠡ ᠶᠢᠨ ᠴᠢᠭᠯᠡᠯ ᠪᠤᠯᠭᠠᠵᠤ᠂ ᠡᠨᠧᠷᠭᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠳᠥ᠋ᠷᠦᠭᠴᠢ ᠪᠠᠭᠠᠲᠠᠢ ᠲᠡᠶᠢᠰᠢ ᠭᠡᠯᠪᠡᠷᠢ ᠪᠠᠨ | ᠬᠤᠪᠢᠷᠠᠭᠤᠯᠬᠤ᠂ ᠨᠡᠭᠦᠷᠡᠰᠦᠲᠥ᠋ᠷᠥᠭᠴᠢ ᠪᠠᠭᠠᠲᠠᠢ ᠨᠡᠭᠦᠷᠡᠰᠦᠳᠥ᠋ᠷᠦᠭᠴᠢ ᠦᠯᠦ ᠭᠠᠳᠠᠭᠰᠢᠯᠠᠭᠤᠯᠬᠤ ᠤᠷ᠎ᠠ ᠮᠡᠷᠭᠡᠰᠢᠯ ᠤᠨ ᠶᠠᠪᠤᠴᠠ ᠶᠢ ᠲᠠᠭᠢᠨ ᠦᠢᠯᠡᠳᠬᠦ᠂ ᠰᠢᠨ᠎ᠡ | ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠤᠨ ᠠᠰᠢᠭᠯᠠᠬᠤ ᠪᠠ ᠪᠢᠲᠡᠭᠦᠮᠵᠢᠯᠡᠨ ᠬᠠᠳᠠᠭᠠᠯᠠᠬᠤ᠂ | ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠬᠦ ᠪᠠ ᠡᠷᠭᠢᠯᠳᠦᠭᠦᠯᠦᠨ ᠠᠰᠢᠭᠯᠠᠬᠤ᠂ ᠰᠢᠨ᠎ᠡ ᠪᠣᠬᠢᠷᠳᠤᠯ ᠪᠣᠳᠠᠰ ᠢ ᠵᠠᠰᠠᠬᠤ ᠵᠡᠷᠭᠡ ᠬᠦᠷᠢᠶ᠎ᠡ ᠴᠠᠷᠠᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠨ᠎ᠠ᠃ ᠠᠵᠤ | ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠳᠠᠭᠠᠭᠤᠯᠤᠭᠴᠢ | ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠬᠤᠯᠪᠣᠭᠠᠲᠤ ᠴᠣᠭᠴᠠ ᠶᠢ ᠲᠦᠷᠦᠭᠦᠯᠡᠨ ᠪᠠᠶᠢᠭᠤᠯᠬᠤ ᠶᠢ ᠳᠡᠮᠵᠢᠵᠦ᠂ | ᠳᠤᠮᠳᠠ ᠵᠢᠵᠢᠭ ᠠᠵᠤ ᠠᠬᠤᠶᠢᠯᠠᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠢ ᠰᠤᠳᠤᠯᠤᠨ ᠨᠡᠭᠡᠭᠡᠬᠦ ᠶᠢ ᠲᠤᠰᠠᠯᠠᠬᠤ ᠡᠷᠴᠢᠮ ᠢ | ᠴᠢᠩᠭᠠᠷᠠᠭᠤᠯᠤᠨ᠂ ᠡᠯ᠎ᠡ ᠲᠥᠷᠥᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠤᠯᠤᠰ ᠤᠨ ᠬᠠᠮᠢᠶ᠎ᠠ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠥᠯᠥᠪᠯᠡᠭᠡ ᠳᠤ ᠣᠷᠤᠯᠴᠠᠬᠤ ᠶᠢ ᠵᠣᠷᠢᠭᠵᠢᠭᠤᠯᠤᠨ᠎ᠠ᠃ | ︵ᠬᠤᠷᠢᠨ ᠭᠤᠷᠪᠠ︶ ᠰᠢᠨ᠎ᠡ ᠶᠢ ᠡᠭᠦᠳᠴᠦ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠥᠷᠨᠢᠭᠦᠯᠦᠨ᠎ᠡ᠃ ᠰᠢᠨ᠎ᠡ ᠶᠢ ᠡᠭᠦᠳᠬᠦ ᠶᠢᠨ ᠪᠣᠬᠢᠷᠳᠤᠯ ᠦᠭᠡᠢ ᠲᠡᠶᠢᠰᠢ | ᠭᠡᠯᠪᠡᠷᠢ ᠪᠠᠨ ᠬᠤᠪᠢᠷᠠᠭᠤᠯᠬᠤ ᠳᠤ ᠦᠵᠡᠭᠦᠯᠭᠦ ᠵᠠᠩᠭᠢᠯᠠᠭ᠎ᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠯᠠᠨ ᠲᠡᠰ ᠳᠠᠪᠬᠤᠷᠭ᠎ᠠ ᠶᠢᠨ | ᠲᠤᠷᠰᠢᠯᠲᠠ ᠶᠢ ᠥᠷᠨᠢᠭᠦᠯᠵᠦ᠂ ᠠᠵᠤ ᠦᠢᠯᠡᠳᠪᠦᠷᠢ᠂ ᠡᠨᠧᠷᠭᠢ᠂ ᠵᠠᠮ ᠲᠡᠭᠡᠭᠡᠪᠦᠷᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ ᠢᠨᠵᠧᠨᠧᠷᠢᠩ ᠢ | ᠬᠡᠷᠡᠭᠵᠢᠭᠦᠯᠵᠦ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠵᠢᠱᠢᠶ᠎ᠡ ᠦᠵᠡᠭᠦᠯᠭᠦ ᠬᠡᠷᠡᠭᠯᠡᠯᠲᠡ ᠪᠠ ᠳᠡᠯᠭᠡᠷᠡᠭᠦᠯᠦᠯᠲᠡ ᠶᠢ ᠲᠦᠷᠭᠡᠳᠬᠡᠨ᠎ᠡ᠃ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠢ ᠦᠨᠡᠯᠡᠨ ᠵᠢᠱᠢᠬᠦ᠂ ᠠᠷᠠᠯᠵᠢᠶᠠᠯᠠᠬᠤ ᠰᠢᠰᠲ᠋ᠧᠮ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ | ᠭᠡᠯᠪᠡᠷᠢ ᠶᠢᠨ ᠬᠥᠭᠵᠢᠯᠲᠡ ᠳᠤ ᠠᠰᠢᠭᠲᠠᠢ ᠬᠤᠳᠠᠯᠳᠤᠭᠠᠨ ᠤ ᠵᠠᠭᠪᠤᠷ ᠢ ᠰᠦᠪᠡᠭᠴᠢᠯᠡᠨ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠮᠡᠷᠭᠡᠵᠢᠯ ᠤᠨ | ᠮᠡᠳᠡᠯᠭᠡ ᠶᠢᠨ ᠥᠮᠴᠢᠯᠡᠯ ᠤᠨ ᠡᠷᠬᠡ ᠶᠢ ᠡᠭᠦᠳᠦᠨ ᠪᠦᠲᠦᠭᠡᠬᠦ᠂ ᠬᠠᠮᠠᠭᠠᠯᠠᠬᠤ᠂ ᠬᠡᠷᠡᠭᠯᠡᠬᠦ ᠶᠢ ᠴᠢᠩᠭᠠᠳᠬᠠᠵᠤ᠂ ᠪᠦᠭᠦ ᠨᠡᠶᠢᠭᠡᠮ ᠤᠨ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ | ᠠᠷᠪᠠ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ | ︵ᠬᠤᠷᠢᠨ ᠳᠥᠷᠪᠡ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ᠃ | ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠪᠠ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠬᠤ ᠳᠤ ᠠᠰᠢᠭᠲᠠᠢ | ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠤᠨ | ᠪᠠᠶᠢᠭᠤᠯᠤᠯᠲᠠ᠂ ᠤᠯᠠᠮᠵᠢᠯᠠᠯᠲᠤ ᠠᠵᠢᠯ ᠲᠥᠷᠥᠯ ᠢ ᠥᠭᠡᠷᠡᠴᠢᠯᠡᠨ ᠲᠠᠰ ᠳᠡᠪᠰᠢᠭᠦᠯᠬᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠪᠠ ᠪᠣᠬᠢᠷᠳᠤᠯ ᠦᠭᠡᠢ ᠪᠥᠭᠡᠳ | ᠨᠡᠭᠦᠷᠡᠰᠦᠳᠥ᠋ᠷᠦᠭᠴᠢ ᠪᠠᠭᠠᠲᠠᠢ ᠠᠮᠢᠳᠤᠷᠠᠯ ᠤᠨ ᠠᠷᠭ᠎ᠠ ᠭᠡᠯᠪᠡᠷᠢ ᠶᠢ ᠳᠡᠯᠭᠡᠷᠡᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠠᠵᠢᠯ ᠢ ᠳᠡᠮᠵᠢᠨ᠎ᠡ᠃ ᠣᠷᠴᠢᠨ ᠲᠣᠭᠤᠷᠢᠨ ᠤ | ᠬᠠᠮᠠᠭᠠᠯᠠᠯᠲᠠ᠂ ᠡᠨᠧᠷᠭᠢ ᠠᠷᠪᠢᠯᠠᠵᠤ ᠤᠰᠤ ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠡᠷᠭᠡ | ᠬᠥᠰᠬᠡ ᠶᠢᠨ ᠭᠠᠶᠢᠯᠢ ᠬᠥᠰᠬᠡ ᠶᠢᠨ ᠬᠠᠷᠠᠭᠠᠯᠵᠠᠯ ᠢ ᠨᠠᠶᠢᠳᠠᠪᠤᠷᠢᠵᠢᠭᠤᠯᠤᠨ᠎ᠠ᠃ ᠪᠣᠬᠢᠷᠳᠤᠯ ᠦᠭᠡᠢ ᠭᠠᠶᠢᠯᠢ ᠶᠢᠨ ᠳᠦᠷᠢᠮ ᠢ ᠲᠡᠭᠦᠯᠳᠡᠷᠵᠢᠭᠦᠯᠵᠦ᠂ ᠤᠰᠤᠨ ᠤ ᠡᠬᠢ | ᠪᠠᠶᠠᠯᠢᠭ ᠤᠨ ᠰᠦᠢᠳᠬᠡᠯ ᠤᠨ ᠭᠠᠶᠢᠯᠢ ᠶᠢ ᠥᠭᠡᠷᠡᠴᠢᠯᠡᠬᠦ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠬᠤᠷᠢᠶᠠᠬᠤ | ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠬᠠᠮᠢᠶ᠎ᠠ ᠪᠦᠬᠦᠢ ᠭᠠᠶᠢᠯᠢ ᠶᠢᠨ ᠲᠥᠷᠥ ᠶᠢᠨ ᠪᠣᠳᠣᠯᠭ᠎ᠠ ᠶᠢ | ᠰᠤᠳᠤᠯᠤᠨ᠎ᠠ᠃ | ︵ᠬᠤᠷᠢᠨ ᠲᠠᠪᠤ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠮᠥᠩᠭᠦᠨ ᠭᠦᠢᠯᠭᠡᠭᠡᠨ ᠤ ᠪᠠᠭᠠᠵᠢ ᠶᠢ ᠪᠠᠶᠠᠯᠢᠭᠵᠢᠭᠤᠯᠤᠨ᠎ᠠ᠃ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠢ ᠪᠠᠭᠠᠰᠬᠠᠬᠤ ᠶᠢ ᠳᠡᠮᠵᠢᠬᠦ ᠪᠠᠭᠠᠵᠢ ᠶᠢ ᠬᠡᠷᠡᠭᠵᠢᠭᠦᠯᠬᠦ ᠬᠤᠭᠤᠴᠠᠭ᠎ᠠ ᠶᠢ 2027 ᠣᠨ ᠤ ᠡᠴᠦᠰ ᠪᠤᠯᠲᠠᠯ᠎ᠠ ᠤᠷᠲᠤᠳᠬᠠᠨ᠎ᠠ᠃ ᠭᠡᠯᠪᠡᠷᠢ ᠪᠠᠨ | ᠬᠤᠪᠢᠷᠠᠭᠤᠯᠬᠤ ᠮᠥᠩᠭᠦᠨ ᠭᠦᠢᠯᠭᠡᠭᠡᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠮᠵᠢᠯᠠᠯᠲᠤ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠪᠣᠬᠢᠷᠳᠤᠯ ᠦᠭᠡᠢ | ᠪᠥᠭᠡᠳ ᠨᠡᠭᠦᠷᠡᠰᠦᠲᠥ᠋ᠷᠥᠭᠴᠢ ᠪᠠᠭ᠎ᠠ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠵᠦᠢ ᠵᠣᠬᠢᠰᠲᠠᠢ ᠴᠢᠬᠤᠯᠠ ᠪᠦᠬᠦᠢ ᠮᠥᠩᠭᠦᠨ ᠭᠦᠢᠯᠭᠡᠭᠡᠨ ᠤ ᠳᠡᠮᠵᠢᠯᠭᠡ | ᠬᠠᠩᠭᠠᠨ᠎ᠠ᠃ ᠪᠠᠩᠬᠢ ᠶᠢ ᠵᠣᠷᠢᠭᠵᠢᠭᠤᠯᠵᠤ ᠲᠦᠭᠰᠢᠭᠦᠷᠢ ᠶᠢ ᠵᠦᠢ ᠵᠣᠬᠢᠰᠲᠠᠢ ᠦᠨᠡᠯᠡᠨ ᠵᠢᠱᠢᠭᠰᠡᠨ ᠰᠠᠭᠤᠷᠢᠨ ᠳᠡᠭᠡᠷ᠎ᠡ ᠢᠲᠡᠭᠡᠮᠵᠢᠲᠦ ᠵᠢᠭᠡᠯᠡᠯᠭᠡ ᠶᠢᠨ ᠡᠬᠢ | ᠪᠠᠶᠠᠯᠢᠭ ᠤᠨ ᠪᠣᠬᠢᠷᠳᠤᠯ ᠦᠭᠡᠢ ᠲᠡᠶᠢᠰᠢ ᠲᠣᠬᠢᠷᠠᠭᠤᠯᠤᠯᠲᠠ ᠬᠢᠬᠦ ᠶᠢ ᠬᠥᠲᠥᠯᠥᠨ ᠵᠢᠯᠤᠭᠤᠳᠴᠤ᠂ ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠤ | ᠴᠢᠨᠠᠷᠲᠠᠢ ᠪᠡᠯᠡ ᠬᠤᠷᠠᠮᠳᠤᠭᠤᠯᠬᠤ ᠪᠠᠲᠤᠯᠠᠭ᠎ᠠ ᠶᠢᠨ ᠪᠠᠶᠢᠭᠤᠯᠤᠮᠵᠢ ᠪᠠᠷ ᠳᠠᠮᠵᠢᠭᠤᠯᠤᠨ ᠪᠣᠬᠢᠷᠳᠤᠯ ᠦᠭᠡᠢ ᠢᠲᠡᠭᠡᠮᠵᠢᠲᠦ ᠵᠢᠭᠡᠯᠡᠯᠭᠡ ᠶᠢᠨ ᠬᠥᠭᠵᠢᠯᠲᠡ ᠶᠢ ᠳᠡᠮᠵᠢᠵᠦ | ᠪᠣᠯᠣᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠣᠯᠠᠨ ᠵᠦᠢᠯ ᠤᠨ ᠠᠷᠭ᠎ᠠ ᠭᠡᠯᠪᠡᠷᠢ ᠪᠠᠷ ᠳᠠᠮᠵᠢᠭᠤᠯᠤᠨ ᠪᠣᠬᠢᠷᠳᠤᠯ ᠦᠭᠡᠢ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠬᠤᠷᠠᠮᠳᠤᠭᠤᠯᠬᠤ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠰᠲ᠋ᠣᠺ ᠤᠨ ᠡᠷᠬᠡ ᠶᠢᠨ ᠪᠡᠯᠡ | ᠬᠤᠷᠠᠮᠳᠤᠭᠤᠯᠬᠤ᠂ ᠪᠣᠬᠢᠷᠳᠤᠯ ᠦᠭᠡᠢ ᠪᠡᠯᠡ ᠬᠤᠷᠠᠮᠳᠤᠭᠤᠯᠬᠤ ᠲᠦᠷᠢᠶᠡᠰᠦᠯᠡᠭᠦᠯᠬᠦ᠂ ᠪᠣᠬᠢᠷᠳᠤᠯ ᠦᠭᠡᠢ ᠢᠲᠡᠭᠡᠮᠵᠢ ᠵᠡᠷᠭᠡ ᠮᠥᠩᠭᠦᠨ ᠭᠦᠢᠯᠭᠡᠭᠡᠨ ᠤ ᠪᠠᠭᠠᠵᠢ ᠶᠢ | ᠢᠳᠡᠪᠬᠢᠲᠡᠢ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ ᠮᠥᠩᠭᠦᠨ ᠭᠦᠢᠯᠭᠡᠭᠡᠨ ᠤ ᠪᠦᠲᠦᠭᠡᠭᠳᠡᠬᠦᠨ ᠪᠠ ᠡᠭᠦᠰᠦᠮᠡᠯ ᠪᠠᠭᠠᠵᠢ ᠶᠢᠨ ᠰᠢᠨ᠎ᠡ ᠶᠢ ᠡᠭᠦᠳᠬᠦ ᠶᠢ ᠡᠮᠬᠢ | ᠵᠢᠷᠤᠮ ᠲᠠᠢ ᠪᠠᠷ ᠠᠬᠢᠭᠤᠯᠤᠨ᠎ᠠ᠃ ᠪᠣᠬᠢᠷᠳᠤᠯ ᠦᠭᠡᠢ ᠳᠠᠭᠠᠳᠬᠠᠯ ᠢ ᠬᠥᠭᠵᠢᠭᠦᠯᠵᠦ᠂ ᠵᠥᠷᠢᠶᠡᠲᠦ ᠳᠠᠭᠠᠳᠬᠠᠯ ᠤᠨ ᠰᠦᠢᠳᠬᠡᠯ ᠤᠨ ᠨᠤᠷᠮ᠎ᠠ ᠶᠢᠨ ᠲᠣᠭᠲᠠᠴᠠ ᠶᠢ | ᠰᠦᠪᠡᠭᠴᠢᠯᠡᠨ ᠪᠠᠶᠢᠭᠤᠯᠤᠨ᠎ᠠ᠃ | ︵ᠬᠤᠷᠢᠨ ᠵᠢᠷᠭᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠪᠡᠯᠡ ᠣᠷᠣᠭᠤᠯᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠎ᠡ᠃ ᠪᠡᠯᠡ | ᠣᠷᠣᠭᠤᠯᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠪᠠ ᠰᠢᠯᠢᠳᠡᠭᠵᠢᠭᠦᠯᠵᠦ᠂ ᠡᠯ᠎ᠡ ᠲᠦᠷᠦᠯ ᠤᠨ ᠬᠥᠷᠥᠩᠭᠡ ᠶᠢᠨ ᠪᠣᠬᠢᠷᠳᠤᠯ ᠦᠭᠡᠢ ᠪᠥᠭᠡᠳ | ᠨᠡᠭᠦᠷᠡᠰᠦᠲᠥ᠋ᠷᠥᠭᠴᠢ ᠪᠠᠭᠠᠲᠠᠢ ᠬᠦᠷᠢᠶ᠎ᠡ ᠴᠠᠷᠠᠭ᠎ᠠ ᠳᠠᠬᠢ ᠪᠡᠯᠡ ᠣᠷᠣᠭᠤᠯᠤᠯᠲᠠ ᠶᠢᠨ ᠬᠠᠷᠢᠴᠠᠯ ᠢᠶᠠᠨ ᠳᠡᠭᠡᠭᠰᠢᠯᠡᠭᠦᠯᠭᠦ ᠶᠢ ᠵᠣᠷᠢᠭᠵᠢᠭᠤᠯᠤᠨ᠎ᠠ᠃ ᠲᠥᠪ ᠤᠨ | ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠨᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ᠂ | ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠡᠷᠭᠢᠯᠳᠦᠭᠦᠯᠦᠨ | ᠠᠰᠢᠭᠯᠠᠬᠤ᠂ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭ᠎ᠠ ᠳᠠᠬᠢ ᠭᠤᠣᠯᠳᠠᠯᠭ᠎ᠠ ᠲᠠᠢ ᠲᠥᠷᠥᠯ | ᠵᠦᠢᠯ ᠳᠤ ᠢᠳᠡᠪᠬᠢᠲᠡᠢ ᠳᠡᠮᠵᠢᠯᠭᠡ ᠦᠵᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠥᠷᠥᠯ ᠵᠦᠢᠯ ᠤᠨ | ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ᠂ ᠡᠵᠡᠩᠨᠡᠯᠲᠡ ᠳᠤ ᠣᠷᠤᠯᠴᠠᠬᠤ ᠶᠢ ᠬᠥᠲᠥᠯᠥᠨ ᠵᠢᠯᠤᠭᠤᠳᠬᠤ ᠪᠠ ᠵᠢᠷᠤᠮᠵᠢᠭᠤᠯᠵᠤ᠂ ᠨᠡᠶᠢᠭᠡᠮ ᠤᠨ | ᠬᠥᠷᠥᠩᠭᠡ ᠶᠢᠨ ᠵᠠᠬ᠎ᠠ ᠳᠡᠯᠭᠡᠭᠦᠷᠴᠢᠯᠡᠭᠰᠡᠨ ᠠᠷᠭ᠎ᠠ ᠭᠡᠯᠪᠡᠷᠢ ᠪᠠᠷ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠪᠡᠯᠡ | ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ ᠰᠢᠨ᠎ᠡ ᠡᠨᠧᠷᠭᠢ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠵᠡᠷᠭᠡ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠬᠠᠮᠢᠶ᠎ᠠ ᠪᠦᠬᠦᠢ ᠲᠥᠷᠥᠯ ᠵᠦᠢᠯ ᠤᠨ ᠰᠠᠭᠤᠷᠢ ᠲᠥᠬᠦᠭᠡᠷᠦᠮᠵᠢ ᠶᠢᠨ ᠬᠦᠷᠢᠶ᠎ᠡ | ᠴᠠᠷᠠᠭ᠎ᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠰᠠᠭᠤᠷᠢ ᠮᠥᠩᠭᠦ ︵REITs︶ ᠲᠠᠷᠬᠠᠭᠠᠬᠤ ᠶᠢ ᠳᠡᠮᠵᠢᠨ᠎ᠡ᠃ | ︵ᠬᠤᠷᠢᠨ ᠳᠣᠯᠤᠭ᠎ᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ᠴᠠᠭᠢᠯᠭᠠᠨ ᠬᠦᠴᠦᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢᠳᠤᠯᠢᠭ ᠴᠢᠨᠠᠷᠲᠠᠢ ᠴᠠᠭᠢᠯᠭᠠᠨ ᠡᠭᠦᠰᠬᠡᠭᠴᠢ ᠶᠢᠨ ᠰᠢᠰᠲ᠋ᠧᠮ ᠲᠠᠢ | ᠲᠣᠬᠢᠷᠠᠭᠤᠯᠬᠤ ᠦᠨ᠎ᠡ ᠬᠠᠩᠰᠢ ᠶᠢᠨ ᠲᠣᠭᠲᠠᠴᠠ ᠳᠤ ᠣᠷᠤᠯᠴᠠᠬᠤ ᠶᠢ ᠲᠡᠭᠦᠯᠳᠡᠷᠵᠢᠭᠦᠯᠦᠨ ᠵᠣᠷᠢᠭᠵᠢᠭᠤᠯᠵᠤ᠂ ᠨᠡᠭᠦᠷᠡᠰᠦ ᠴᠠᠭᠢᠯᠭᠠᠨ ᠤ ᠪᠠᠭᠲᠠᠭᠠᠮᠵᠢ ᠶᠢᠨ | ᠴᠠᠭᠢᠯᠭᠠᠨ ᠤ ᠦᠨ᠎ᠡ ᠶᠢᠨ ᠲᠣᠭᠲᠠᠴᠠ ᠶᠢ ᠬᠡᠷᠡᠭᠵᠢᠭᠦᠯᠵᠦ᠂ ᠰᠢᠨ᠎ᠡ ᠭᠡᠯᠪᠡᠷᠢ ᠶᠢᠨ ᠬᠠᠳᠠᠭᠠᠯᠠᠮᠵᠢ ᠡᠨᠧᠷᠭᠢ ᠶᠢᠨ ᠦᠨ᠎ᠡ ᠪᠦᠷᠢᠯᠳᠦᠬᠦ ᠲᠣᠭᠲᠠᠴᠠ ᠶᠢ ᠰᠤᠳᠤᠯᠤᠨ | ᠪᠠᠶᠢᠭᠤᠯᠤᠨ ᠪᠦᠷᠢᠨᠰᠢᠭᠦᠯᠵᠦ᠂ ᠴᠠᠭᠢᠯᠭᠠᠨ ᠤ ᠱᠠᠲᠤᠯᠢᠭ ᠦᠨ᠎ᠡ ᠶᠢᠨ ᠳᠦᠷᠢᠮ ᠪᠠ ᠴᠠᠭ ᠬᠤᠪᠢᠶᠠᠭᠰᠠᠨ ᠴᠠᠭᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢ | ᠪᠦᠷᠢᠨᠰᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ ᠲᠦᠷᠦᠯ ᠤᠨ ᠴᠠᠭᠢᠯᠭᠠᠨ ᠤ ᠱᠠᠲᠤᠯᠢᠭ ᠦᠨ᠎ᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ | ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠬᠠᠩᠰᠢ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤ ᠵᠢᠴᠢ ᠣᠨᠴᠠ ᠲᠥᠷᠥᠯ ᠳᠤ ᠬᠡᠷᠡᠭᠯᠡᠬᠦ ᠤᠰᠤᠨ ᠤ | ᠲᠣᠭᠲᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠲᠤ ᠠᠬᠢᠭᠤᠯᠤᠨ ᠪᠤᠳᠤᠵᠤ ᠦᠨ᠎ᠡ ᠨᠡᠮᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ ᠳᠤ | ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ ᠰᠦᠢᠳᠬᠡᠯ ᠬᠤᠷᠢᠶᠠᠬᠤ | ᠵᠠᠭᠪᠤᠷ ᠢᠶᠠᠨ ᠲᠡᠭᠦᠯᠳᠡᠷᠵᠢᠭᠦᠯᠬᠦ ᠶᠢ ᠳᠡᠮᠵᠢᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠠᠷᠭ᠎ᠠ ᠭᠡᠯᠪᠡᠷᠢ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠬᠡᠮᠵᠢᠶ᠎ᠡ ᠶᠢ ᠪᠠᠭᠠᠰᠬᠠᠬᠤ ᠶᠢ | ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠎ᠠ᠃ | ︵ᠬᠤᠷᠢᠨ ᠨᠠᠢᠮᠠ︶ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠵᠠᠬ᠎ᠠ ᠳᠡᠯᠭᠡᠭᠦᠷᠴᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠡᠬᠢ ᠪᠠᠶᠠᠯᠢᠭ | ᠣᠷᠴᠢᠨ ᠲᠣᠭᠤᠷᠢᠨ ᠤ ᠴᠢᠬᠤᠯᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠠᠷᠠᠯᠵᠢᠶ᠎ᠠ ᠶᠢᠨ ᠳᠦᠷᠢᠮ ᠤᠨ | ᠵᠢᠷᠤᠮᠵᠢᠯ ᠵᠢᠴᠢ ᠳᠡᠩᠰᠡᠯᠡᠨ ᠲᠡᠮᠳᠡᠭᠯᠡᠬᠦ᠂ ᠬᠢᠮᠳᠠ ᠦᠨ᠎ᠡ ᠪᠠᠷ ᠬᠤᠳᠠᠯᠳᠤᠬᠤ᠂ ᠰᠢᠯᠵᠢᠭᠦᠯᠦᠨ ᠥᠭᠬᠦ᠂ ᠪᠠᠷᠢᠴᠠᠭᠠᠯᠠᠬᠤ ᠵᠡᠷᠭᠡ ᠢᠵᠢ ᠪᠦᠷᠢᠳᠦᠭᠦᠯᠦᠭᠰᠡᠨ ᠳᠦᠷᠢᠮ ᠢ | ᠲᠡᠭᠦᠯᠳᠡᠷᠵᠢᠭᠦᠯᠦᠨ᠂ ᠡᠬᠢ ᠪᠠᠶᠠᠯᠢᠭ ᠣᠷᠴᠢᠨ ᠲᠣᠭᠤᠷᠢᠨ ᠤ ᠡᠷᠬᠡ ᠠᠰᠢᠭ ᠲᠤ ᠰᠠᠭᠤᠷᠢᠯᠠᠭᠰᠠᠨ ᠪᠡᠯᠡ ᠬᠤᠷᠠᠮᠳᠤᠭᠤᠯᠬᠤ ᠪᠠᠭᠠᠵᠢ ᠶᠢ ᠰᠦᠪᠡᠭᠴᠢᠯᠡᠨ᠎ᠡ᠃ ᠠᠮᠢ | ᠠᠬᠤᠢ ᠶᠢᠨ ᠬᠠᠮᠠᠭᠠᠯᠠᠯᠲᠠ ᠶᠢᠨ ᠬᠥᠨᠳᠡᠯᠡᠨ ᠴᠢᠭᠯᠡᠯ ᠤᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ | ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠪᠠ | ᠰᠠᠶᠢᠨ ᠳᠤᠷ᠎ᠠ ᠠᠴᠠ ᠪᠠᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠬᠠᠤᠯᠢ ᠲᠣᠭᠲᠠᠭᠠᠯ ᠳᠦᠷᠢᠮ ᠢ ᠪᠦᠷᠢᠨᠰᠢᠭᠦᠯᠦᠨ᠂ ᠠᠷᠠᠯᠵᠢᠶᠠᠨ ᠤ ᠠᠵᠢᠯ ᠲᠦᠷᠦᠯ ᠤᠨ ᠬᠡᠪᠴᠢᠶ᠎ᠡ ᠶᠢ ᠴᠠᠭ ᠲᠤᠨᠢ ᠲᠣᠬᠢᠷᠠᠭᠤᠯᠤᠨ ᠡᠮᠬᠢ | ᠵᠢᠷᠤᠮ ᠲᠠᠢ ᠪᠠᠷ ᠥᠷᠭᠡᠳᠬᠡᠨ᠎ᠡ᠃ ᠪᠣᠬᠢᠷᠳᠤᠯ ᠦᠭᠡᠢ ᠴᠠᠭᠢᠯᠭᠠᠨ ᠬᠦᠴᠦᠨ ᠤ ᠦᠨᠡᠮᠯᠡᠯ ᠤᠨ ᠠᠷᠠᠯᠵᠢᠶᠠᠨ ᠤ ᠳᠦᠷᠢᠮ ᠢ ᠲᠡᠭᠦᠯᠳᠡᠷᠵᠢᠭᠦᠯᠵᠦ᠂ ᠪᠣᠬᠢᠷᠳᠤᠯ ᠦᠭᠡᠢ | ᠴᠠᠭᠢᠯᠭᠠᠨ᠂ ᠪᠣᠬᠢᠷᠳᠤᠯ ᠦᠭᠡᠢ ᠦᠨᠡᠮᠯᠡᠯ᠂ ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠵᠡᠷᠭᠡ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢᠨ ᠲᠦᠷᠦ ᠶᠢᠨ ᠪᠣᠳᠣᠯᠭ᠎ᠠ ᠶᠢᠨ | ᠬᠠᠮᠵᠢᠯᠴᠠᠭ᠎ᠠ ᠶᠢ ᠴᠢᠩᠭᠠᠳᠬᠠᠨ᠎ᠠ᠃ | ︵ᠬᠤᠷᠢ ᠶᠢᠰᠦ︶ ᠪᠣᠬᠢᠷᠳᠤᠯ ᠦᠭᠡᠢ ᠬᠥᠭᠵᠢᠯᠲᠡ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ᠰᠠᠭᠤᠷᠢ ᠨᠡᠶᠢᠳᠡᠮ ᠬᠡᠷᠡᠭᠯᠡᠬᠦ ᠪᠠᠷᠢᠮᠵᠢᠶ᠎ᠠ ᠵᠢᠴᠢ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠠᠷᠢᠯᠭᠠᠬᠤ ᠬᠤᠯᠪᠣᠭᠳᠠᠯ ᠪᠦᠬᠦᠢ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ | ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠪᠠ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ | ᠮᠥᠷ ᠤᠨ ᠲᠣᠭᠠᠴᠠᠭ᠎ᠠ ᠬᠢᠬᠦ᠂ ᠮᠡᠳᠡᠭᠦᠯᠬᠦ᠂ ᠬᠢᠨᠠᠨ ᠪᠠᠶᠢᠴᠠᠭᠠᠬᠤ ᠵᠡᠷᠭᠡ ᠪᠠᠷᠢᠮᠵᠢᠶ᠎ᠠ ᠶᠢ ᠲᠣᠭᠲᠠᠭᠠᠨ᠎ᠠ᠃ ᠡᠨᠧᠷᠭᠢ ᠠᠷᠪᠢᠯᠠᠬᠤ ᠪᠠᠷᠢᠮᠵᠢᠶ᠎ᠠ ᠶᠢ ᠰᠢᠨᠡᠳᠬᠡᠨ ᠲᠡᠰ | ᠳᠡᠪᠰᠢᠭᠦᠯᠬᠦ ᠶᠢ ᠲᠦᠷᠭᠡᠳᠬᠡᠵᠦ᠂ ᠭᠤᠣᠯᠳᠠᠯᠭ᠎ᠠ ᠲᠠᠢ ᠦᠢᠯᠡᠳᠬᠦᠨ ᠤ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠱᠠᠭᠠᠷᠳᠠᠯᠭ᠎ᠠ ᠶᠢ | ᠳᠡᠭᠡᠭᠰᠢᠯᠡᠭᠦᠯᠦᠨ᠂ ᠡᠨᠧᠷᠭᠢ ᠶᠢᠨ ᠬᠤᠷᠣᠭᠳᠠᠭᠤᠯᠤᠯ ᠤᠨ ᠬᠢᠵᠠᠭᠠᠷ ᠲᠤᠭ᠎ᠠ ᠶᠢᠨ ᠪᠠᠷᠢᠮᠵᠢᠶ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠳᠠᠭᠢᠨ ᠡᠭᠦᠰᠴᠦ ᠪᠤᠯᠬᠤ | ᠡᠨᠧᠷᠭᠢ ᠶᠢᠨ ᠪᠠᠷᠢᠮᠵᠢᠶ᠎ᠠ ᠶᠢᠨ ᠰᠢᠰᠲ᠋ᠧᠮ ᠪᠠ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠠᠷᠢᠮᠵᠢᠶ᠎ᠠ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠤᠰᠤᠲᠥ᠋ᠷᠥᠭᠴᠢ ᠡᠨᠧᠷᠭᠢ ᠶᠢ ︽ᠦᠢᠯᠡᠳᠴᠦ ᠬᠠᠳᠠᠭᠠᠯᠠᠵᠤ ᠲᠡᠭᠡᠭᠡᠪᠦᠷᠢᠯᠡᠵᠦ ᠬᠡᠷᠡᠭᠯᠡᠬᠦ︾ ᠪᠠᠷᠢᠮᠵᠢᠶ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ | ᠠᠷᠪᠠᠨ ᠨᠢᠭᠡ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠨ᠎ᠠ | ︵ᠭᠤᠴᠢ︶ ᠪᠦᠭᠦ ᠪᠥᠮᠪᠥᠷᠴᠡᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠬᠢᠴᠠ ᠳᠤ ᠣᠷᠣᠯᠴᠠᠨ᠎ᠠ᠃ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠲᠠᠯᠠᠢ ᠲᠠᠩᠭᠢᠰ ᠤᠨ | ᠪᠣᠬᠢᠷᠳᠤᠯ ᠢ ᠵᠠᠰᠠᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠦᠯᠢᠶᠥᠦ ᠶᠢᠨ ᠪᠣᠬᠢᠷᠳᠤᠯ ᠢ ᠵᠠᠰᠠᠬᠤ ᠵᠡᠷᠭᠡ ᠬᠦᠷᠢᠶ᠎ᠡ ᠴᠠᠷᠠᠭ᠎ᠠ ᠳᠠᠬᠢ | ᠤᠯᠠᠨ ᠤᠯᠤᠰ ᠤᠨ ᠳᠦᠷᠢᠮ ᠢ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠲᠥᠪ ᠭᠤᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ | ᠪᠦᠭᠦ ᠪᠥᠮᠪᠥᠷᠴᠡᠭ ᠤᠨ ᠣᠷᠴᠢᠨ ᠲᠣᠭᠤᠷᠢᠨ ᠠᠭᠤᠷ ᠠᠮᠢᠰᠬᠤᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠪᠦᠭᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠡᠷᠭᠢᠨ ᠲᠣᠭᠤᠷᠢᠨ ᠤ | ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠢᠳᠠᠯ ᠤᠨ ᠢᠶᠠᠨ ᠬᠢᠷᠢ ᠪᠠᠷ ᠬᠥᠭᠵᠢᠵᠦ ᠪᠠᠶᠢᠭ᠎ᠠ ᠤᠯᠤᠰ ᠤᠳ ᠲᠤ ᠳᠡᠮᠵᠢᠯᠭᠡ ᠬᠠᠩᠭᠠᠨ᠎ᠠ᠃ | ︵ᠭᠤᠴᠢᠨ ᠨᠢᠭᠡ︶ ᠲᠥᠷᠥ ᠶᠢᠨ ᠪᠣᠳᠣᠯᠭ᠎ᠠ ᠶᠢᠨ ᠰᠣᠯᠢᠯᠴᠠᠭ᠎ᠠ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠠᠨ ᠲᠠᠯᠠᠲᠤ ᠪᠠ | ᠬᠤᠶᠠᠷ ᠲᠠᠯᠠᠲᠤ ᠶᠠᠷᠢᠯᠴᠠᠭ᠎ᠠ ᠬᠠᠮᠲᠤᠷᠠᠯᠴᠠᠭ᠎ᠠ ᠶᠢᠨ ᠠᠷᠭ᠎ᠠ ᠵᠠᠮ ᠢ ᠥᠷᠭᠡᠳᠬᠡᠵᠦ᠂ ᠪᠣᠬᠢᠷᠳᠤᠯ ᠦᠭᠡᠢ ᠬᠥᠭᠵᠢᠯᠲᠡ ᠶᠢᠨ ᠬᠦᠷᠢᠶ᠎ᠡ ᠴᠠᠷᠠᠭ᠎ᠠ ᠳᠠᠬᠢ ᠤᠯᠠᠨ ᠲᠠᠯᠠᠲᠤ | ᠬᠠᠮᠲᠤᠷᠠᠯᠴᠠᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠭᠰᠠᠨ | ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ ᠤᠯᠠᠨ ᠤᠯᠤᠰ ᠤᠨ ᠲᠤᠷᠰᠢᠯᠭ᠎ᠠ ᠪᠠᠷ ᠢᠳᠡᠪᠬᠢᠲᠡᠢ ᠲᠣᠯᠢ ᠪᠣᠯᠭᠠᠨ᠎ᠠ᠃ ᠪᠣᠬᠢᠷᠳᠤᠯ ᠦᠭᠡᠢ ᠪᠡᠯᠡ ᠣᠷᠣᠭᠤᠯᠤᠯᠲᠠ ᠪᠠ | ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠵᠤ᠂ ︽ᠪᠣᠬᠢᠷᠳᠤᠯ ᠦᠭᠡᠢ ᠲᠣᠷᠭᠠᠨ ᠵᠠᠮ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠯᠪᠣᠭᠳᠠᠯ ᠪᠦᠬᠦᠢ | ᠤᠯᠤᠰ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠢᠯᠢ ᠶᠢᠨ ᠭᠠᠳᠠᠨᠠᠬᠢ ᠲᠥᠷᠥᠯ ᠵᠦᠢᠯ ᠤᠨ ᠣᠷᠴᠢᠨ ᠲᠣᠭᠤᠷᠢᠨ ᠤ | ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠶᠢᠨ ᠲᠤᠬᠠᠢ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠠᠳᠠᠭᠠᠳᠤ ᠶᠢᠨ ᠬᠢᠨ ᠲᠠᠢ ᠡᠷᠳᠡᠮ ᠰᠢᠨᠵᠢᠯᠡᠭᠡᠨ ᠤ ᠰᠣᠯᠢᠯᠴᠠᠭ᠎ᠠ ᠥᠷᠨᠢᠭᠦᠯᠵᠦ᠂ ᠤᠯᠠᠨ | ᠤᠯᠤᠰ ᠤᠨ ᠬᠠᠮ ᠰᠢᠨᠵᠢᠯᠡᠬᠦ ᠤᠬᠠᠭᠠᠨ ᠤ ᠢᠨᠵᠧᠨᠧᠷᠢᠩ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠤᠨ᠎ᠠ᠃ ᠪᠣᠬᠢᠷᠳᠤᠯ ᠦᠭᠡᠢ ᠪᠠᠶᠢᠬᠤ ᠪᠠᠷᠢᠮᠵᠢᠶ᠎ᠠ ᠬᠢᠭᠡᠳ | ᠬᠢᠷᠢ ᠲᠡᠩᠴᠡᠯᠲᠡ ᠶᠢ ᠦᠨᠡᠯᠡᠨ ᠲᠣᠭᠲᠠᠭᠠᠬᠤ ᠣᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠣᠯᠠᠨ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠢ | ᠲᠣᠭᠲᠠᠭᠠᠵᠤ ᠵᠠᠰᠠᠪᠤᠷᠢ ᠣᠷᠣᠭᠤᠯᠬᠤ ᠳᠤ ᠣᠷᠣᠯᠴᠠᠵᠤ᠂ ᠭᠤᠣᠯ ᠪᠤᠯᠬᠤ ᠠᠷᠠᠯᠵᠢᠶᠠᠨ ᠤ ᠬᠠᠨᠢᠲᠠᠨ ᠯᠤᠭ᠎ᠠ ᠨᠡᠭᠦᠷᠡᠰᠦᠲᠥ᠋ᠷᠥᠭᠴᠢ ᠶᠢᠨ ᠤᠯᠠ ᠮᠥᠷ ᠵᠡᠷᠭᠡ | ᠳᠦᠷᠢᠮ ᠤᠨ ᠲᠠᠯ᠎ᠠ ᠪᠠᠷ ᠵᠣᠯᠭᠠᠯᠳᠤᠭᠤᠯᠤᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ | ᠠᠷᠪᠠᠨ ᠬᠤᠶᠠᠷ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠭᠤᠴᠢᠨ ᠬᠤᠶᠠᠷ︶ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠳᠣᠣᠷ᠎ᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ | ᠲᠦᠷᠭᠡᠳᠬᠡᠨ ᠠᠬᠢᠭᠤᠯᠵᠤ᠂ ᠨᠠᠮ ᠤᠨ ᠤᠳᠤᠷᠢᠳᠤᠯᠭ᠎ᠠ ᠶᠢ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠠᠬᠢ | ᠭᠤᠣᠯᠳᠠᠯᠭ᠎ᠠ ᠲᠠᠢ ᠡᠭᠦᠷᠭᠡ ᠪᠠᠨ ᠲᠣᠳᠣᠷᠬᠠᠶᠢᠯᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ | ᠠᠳᠬᠤᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠨᠢᠭᠡᠴᠢ᠂ ᠠᠷᠠᠳ ᠤᠨ ᠪᠦᠯᠭᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠣᠰ ᠬᠦᠷᠢᠶ᠎ᠡ ᠴᠠᠷᠠᠭ᠎ᠠ ᠳᠠᠬᠢ | ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ | ᠬᠤᠷᠣᠭᠳᠠᠭᠤᠯᠤᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠪᠦᠭᠦ ᠲᠠᠯ᠎ᠠ ᠪᠠᠷ ᠬᠤᠪᠢᠷᠠᠭᠤᠯᠬᠤ | ᠰᠢᠨ᠎ᠡ ᠲᠣᠭᠲᠠᠴᠠ ᠶᠢ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠶᠡᠷᠦᠩᠬᠡᠶᠢᠯᠡᠨ ᠦᠨᠡᠯᠡᠵᠦ ᠬᠢᠨᠠᠨ ᠰᠢᠯᠭᠠᠬᠤ ᠳᠦᠷᠢᠮ ᠢ ᠲᠣᠭᠲᠠᠭᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠢᠨᠠᠨ ᠰᠢᠯᠭᠠᠵᠤ᠂ | ᠦᠨᠡᠯᠡᠵᠦ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠭᠡ ᠶᠢ ᠴᠢᠩᠭᠠᠳᠬᠠᠬᠤ ᠬᠡᠷᠡᠭᠲᠡᠢ᠃ ᠴᠢᠬᠤᠯᠠ ᠪᠠᠶᠢᠳᠠᠯ ᠳᠤ ᠴᠠᠭ ᠲᠤᠬᠠᠢ ᠳᠤᠨᠢ ᠲᠡᠰ ᠳᠠᠷᠠᠭᠠᠯᠠᠯ | ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃ | ︵ᠭᠤᠴᠢᠨ ᠭᠤᠷᠪᠠ︶ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠨᠢᠭᠡᠴᠢ ᠠᠮᠢ ᠠᠬᠤᠢ ᠣᠷᠴᠢᠨ ᠲᠣᠭᠤᠷᠢᠨ ᠤ ᠬᠠᠤᠯᠢ ᠶᠢᠨ | ᠪᠢᠴᠢᠭ ᠪᠠ ᠡᠨᠧᠷᠭᠢ ᠶᠢᠨ ᠬᠠᠤᠯᠢ᠂ ᠡᠨᠧᠷᠭᠢ ᠶᠢ ᠠᠷᠪᠢᠯᠠᠬᠤ ᠬᠠᠤᠯᠢ᠂ ᠴᠠᠭᠢᠯᠭᠠᠨ ᠬᠦᠴᠦᠨ ᠤ ᠬᠠᠤᠯᠢ᠂ ᠨᠡᠭᠦᠷᠡᠰᠦᠨ ᠤ ᠬᠠᠤᠯᠢ᠂ ᠳᠠᠭᠢᠨ ᠡᠭᠦᠰᠴᠦ ᠪᠤᠯᠬᠤ | ᠡᠨᠧᠷᠭᠢ ᠶᠢᠨ ᠬᠠᠤᠯᠢ᠂ ᠡᠷᠭᠢᠯᠲᠡᠲᠦ ᠠᠵᠤ ᠠᠬᠤᠢ ᠶᠢ ᠠᠬᠢᠭᠤᠯᠬᠤ ᠬᠠᠤᠯᠢ ᠵᠡᠷᠭᠡ ᠬᠠᠤᠯᠢ ᠲᠣᠭᠲᠠᠭᠠᠯ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ | ᠠᠵᠢᠯ ᠢ ᠲᠦᠷᠭᠡᠯᠡᠨ ᠠᠬᠢᠭᠤᠯᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠲᠤᠰᠬᠠᠢ ᠬᠠᠤᠯᠢ ᠴᠠᠭᠠᠵᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠢᠷᠭᠡᠨ ᠤ ᠬᠠᠤᠯᠢ ᠶᠢᠨ | ᠪᠢᠴᠢᠭ ᠤᠨ ᠪᠣᠬᠢᠷᠳᠤᠯ ᠦᠭᠡᠢ ᠪᠠᠶᠢᠬᠤ ᠵᠠᠷᠴᠢᠮ ᠢ ᠨᠠᠶᠢᠳᠠᠪᠤᠷᠢᠵᠢᠭᠤᠯᠵᠤ᠂ ᠢᠷᠭᠡᠨ ᠤ ᠬᠡᠷᠡᠭ ᠤᠨ ᠭᠤᠣᠯ ᠴᠣᠭᠴᠠ ᠶᠢᠨ ᠡᠨᠧᠷᠭᠢ ᠡᠬᠢ ᠪᠠᠶᠠᠯᠢᠭ ᠢ ᠠᠷᠪᠢᠯᠠᠬᠤ᠂ | ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠬᠥᠲᠥᠯᠥᠨ ᠵᠢᠯᠣᠭᠤᠳᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ | ᠬᠠᠤᠯᠢ ᠪᠠᠷᠢᠬᠤ ᠯᠤᠭ᠎ᠠ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠶᠢᠨ ᠵᠠᠷᠭᠤ᠂ ᠠᠮᠢ | ᠠᠬᠤᠢ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠲᠠ ᠶᠢᠨ ᠬᠦᠷᠢᠶ᠎ᠡ ᠴᠠᠷᠠᠭ᠎ᠠ ᠳᠠᠬᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠬᠠᠤᠯᠢ ᠶᠣᠰᠣᠭᠠᠷ | ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠥᠭᠬᠦ ᠪᠠ ᠵᠠᠰᠠᠨ ᠰᠡᠷᠭᠦᠭᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | | | | | |