1963 ᠣᠨ ᠳᠤ ᠤᠯᠠᠭᠠᠨᠬᠠᠳᠠ ᠬᠤᠲᠠ ᠶᠢᠨ ᠲᠣᠲᠣᠭᠠᠲᠤ ᠶᠢ ᠬᠠᠮᠠᠭᠠᠯᠠᠬᠤ ᠲᠣᠪᠴᠢᠶ᠎ᠠ ᠨᠢ ᠬᠤᠲᠠ ᠶᠢᠨ ᠲᠣᠭᠤᠷᠢᠭ ᠤᠨ 155 ᠬᠤᠪᠢ ᠶᠢᠨ | ᠡᠵᠡᠩᠨᠡᠯᠲᠡᠲᠦ ᠰᠡᠯᠪᠢᠨ ᠵᠠᠰᠠᠬᠤ᠂ ᠬᠠᠭᠤᠴᠢᠨ ᠪᠠᠷᠠᠭ᠎ᠠ ᠡᠵᠡᠩᠨᠡᠬᠦ᠂ ᠦᠰᠦᠭ ᠰᠡᠶᠢᠯᠬᠦ ᠭᠠᠵᠠᠷ ᠵᠡᠷᠭᠡ ᠶᠢ ᠳᠠᠬᠢᠨ ᠰᠢᠨ᠎ᠡ ᠪᠠᠷ ᠳᠠᠩᠰᠠᠯᠠᠨ ᠬᠢᠨᠠᠨ ᠪᠠᠶᠢᠴᠠᠭᠠᠵᠤ᠂ ︽ | ᠬᠤᠲᠠ ᠶᠢᠨ ᠠᠮᠤᠷ ᠲᠦᠪᠰᠢᠨ ᠢ ᠬᠠᠮᠠᠭᠠᠯᠠᠬᠤ ᠬᠠᠮᠢᠶᠠᠷᠤᠯᠲᠠ ᠶᠢᠨ ᠨᠠᠷᠢᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠮᠤᠷ ᠢ ᠬᠠᠮᠠᠭᠠᠯᠠᠬᠤ ᠡᠮᠬᠢ ᠵᠢᠷᠤᠮ ᠮᠡᠳᠡᠭᠳᠡᠮ᠎ᠡ ᠰᠠᠶᠢᠵᠢᠷᠠᠪᠠ᠃ | ︽ᠰᠣᠶᠤᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ ᠣᠨᠴᠠᠭᠠᠢ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠨᠢᠭᠡ ᠦᠶ᠎ᠡ ᠰᠣᠯᠠᠷᠠᠵᠠᠢ᠃ | 1977 ᠣᠨ ᠳᠤ ᠡᠯ᠎ᠡ ᠬᠤᠰᠢᠭᠤ ᠰᠢᠶᠠᠨ ᠤ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠨᠢ ᠣᠨᠴᠠᠭᠠᠢ ᠠᠵᠢᠯ ᠲᠦᠷᠥᠯ ᠢ ᠳᠠᠬᠢᠨ ᠴᠡᠭᠴᠡᠯᠡᠵᠦ᠂ ᠳᠦᠷᠢᠮ | ᠲᠣᠭᠲᠠᠭᠠᠯ ᠲᠣᠭᠲᠠᠭᠠᠨ᠂ ᠠᠮᠤᠷ ᠢ ᠬᠠᠮᠠᠭᠠᠯᠠᠬᠤ ᠬᠦᠴᠦᠨ ᠢ ᠴᠢᠩᠭᠠᠳᠬᠠᠵᠤ᠂ ᠣᠨᠴᠠᠭᠠᠢ ᠠᠵᠢᠯ ᠲᠥᠷᠥᠯ ᠤᠨ ᠬᠠᠮᠢᠶᠠᠷᠤᠯᠲᠠ ᠶᠢ ᠰᠡᠷᠭᠦᠭᠡᠪᠡ᠃ | 1978 ᠣᠨ ᠳᠤ᠂ ᠵᠠᠰᠠᠪᠤᠷᠢ ᠣᠷᠣᠭᠤᠯᠤᠭᠰᠠᠨ ᠠᠴᠠ ᠰᠡᠭᠦᠯᠡᠷᠬᠢ ︽ᠬᠤᠲᠠ ᠶᠢᠨ ᠠᠮᠤᠷ ᠲᠦᠪᠰᠢᠨ ᠢ ᠬᠠᠮᠠᠭᠠᠯᠠᠬᠤ ᠬᠠᠮᠢᠶᠠᠷᠤᠯᠲᠠ ᠶᠢᠨ ᠨᠠᠷᠢᠨ ᠳᠦᠷᠢᠮ︾ | ᠤᠨ ᠲᠣᠭᠲᠠᠭᠠᠯ ᠢ ᠦᠨᠳᠦᠰᠦᠯᠡᠪᠡᠯ᠂ ᠲᠤᠰ ᠬᠤᠲᠠ ᠶᠢᠨ ᠣᠨᠴᠠᠭᠠᠢ ᠠᠵᠢᠯ ᠲᠥᠷᠥᠯ ᠤᠨ ᠬᠠᠮᠢᠶᠠᠷᠤᠯᠲᠠ ᠶᠢᠨ ᠬᠡᠪᠴᠢᠶ᠎ᠡ ᠨᠢ᠄ ᠠᠶᠠᠨᠴᠢᠨ ᠤ ᠪᠠᠭᠤᠳᠠᠯ ᠤᠨ ᠠᠵᠢᠯ | ᠲᠥᠷᠥᠯ᠂ ᠲᠤᠬᠠᠶᠢᠯᠠᠪᠠᠯ ᠠᠶᠠᠨᠴᠢᠨ ᠤ ᠪᠠᠭᠤᠳᠠᠯ᠂ ᠲᠡᠷᠭᠡ ᠤᠨᠤᠭ᠎ᠠ ᠶᠢᠨ ᠥᠷᠲᠡᠭᠡ ᠪᠣᠯᠣᠨ ᠬᠤᠨᠣᠭᠯᠠᠵᠤ ᠪᠣᠯᠬᠤ ᠤᠬᠢᠶᠠᠯᠭ᠎ᠠ ᠶᠢᠨ ᠭᠠᠵᠠᠷ᠂ ᠪᠠᠷᠠᠭ᠎ᠠ ᠶᠢᠨ | ᠪᠠᠭᠤᠴᠠ ᠥᠷᠲᠡᠭᠡ᠂ ᠬᠠᠭᠤᠴᠢᠨ ᠪᠠᠷᠠᠭ᠎ᠠ ᠶᠢᠨ ᠠᠵᠢᠯ ᠲᠥᠷᠥᠯ᠂ ᠲᠤᠬᠠᠶᠢᠯᠠᠪᠠᠯ ᠬᠠᠭᠤᠴᠢᠨ ᠪᠠᠷᠠᠭ᠎ᠠ ᠶᠢᠨ ᠬᠤᠳᠠᠯᠳᠤᠭ᠎ᠠ᠂ ᠡᠷᠲᠡᠨ ᠤ ᠡᠳ᠋ ᠤᠨ ᠳᠡᠯᠭᠡᠭᠦᠷ᠂ | ᠨᠠᠶᠢᠳᠠᠨ ᠬᠤᠳᠠᠯᠳᠤᠭᠤᠯᠬᠤ ᠳᠡᠯᠭᠡᠬᠦᠷ ᠪᠣᠯᠣᠨ ᠬᠠᠶᠠᠭᠳᠠᠮᠠᠯ ᠪᠣᠳᠠᠰ ᠬᠤᠳᠠᠯᠳᠤᠵᠤ ᠠᠪᠬᠤ ᠭᠠᠵᠠᠷ ᠵᠡᠷᠭᠡ᠃ ᠬᠡᠪᠯᠡᠬᠦ ᠴᠢᠳᠬᠤᠵᠤ ᠰᠡᠶᠢᠯᠬᠦ ᠠᠵᠢᠯ ᠲᠥᠷᠥᠯ᠂ | ᠲᠤᠬᠠᠶᠢᠯᠠᠪᠠᠯ ᠬᠡᠪᠯᠡᠵᠦ ᠴᠢᠳᠬᠤᠬᠤ᠂ ᠦᠰᠦᠭ ᠰᠡᠶᠢᠯᠬᠦ᠂ ᠪᠠᠭᠤᠯᠭᠠᠨ ᠳᠠᠷᠤᠮᠠᠯᠯᠠᠬᠤ ᠪᠠ ᠵᠢᠷᠤᠭ ᠬᠠᠲᠠᠭᠠᠬᠤ ᠵᠡᠷᠭᠡ᠃ ᠰᠡᠯᠪᠢᠨ ᠵᠠᠰᠠᠬᠤ ᠠᠵᠢᠯ ᠲᠥᠷᠥᠯ᠂ | ᠲᠤᠬᠠᠶᠢᠯᠠᠪᠠᠯ ᠳᠤᠭᠤᠢ ᠲᠡᠷᠭᠡ᠂ ᠴᠠᠭ᠂ ᠬᠡᠷᠡᠯ ᠵᠢᠷᠤᠭ ᠤᠨ ᠮᠠᠰᠢᠨ᠂ ᠷᠠᠳᠢᠣ᠋ ᠵᠡᠷᠭᠡ ᠶᠢ ᠰᠡᠯᠪᠢᠨ ᠵᠠᠰᠠᠬᠤ ᠠᠵᠢᠯ ᠮᠡᠷᠭᠡᠵᠢᠯ ᠪᠣᠯᠣᠨ᠎ᠠ᠃ ᠳᠡᠭᠡᠷᠡᠬᠢ ᠠᠵᠢᠯ | ᠲᠥᠷᠥᠯ ᠢ ᠡᠵᠡᠩᠨᠡᠭᠰᠡᠨ ᠪᠣᠯᠭᠠᠨ ᠥᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠪᠣᠶᠣ ᠭᠤᠣᠯᠯᠠᠨ ᠬᠠᠮᠢᠶᠠᠷᠴᠦ | ᠪᠦᠬᠦᠢ ᠪᠠᠶᠢᠭᠤᠯᠭ᠎ᠠ ᠶᠢᠨ ᠭᠡᠷᠡᠴᠢ ᠪᠢᠴᠢᠭ ᠢ ᠠᠪᠴᠦ ᠲᠣᠲᠣᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠲᠤ ᠬᠦᠷᠴᠦ ᠲᠠᠩᠰᠠᠯᠠᠭᠤᠯᠬᠤ ᠬᠡᠷᠡᠭᠲᠡᠢ ᠪᠠᠶᠢᠵᠤ᠂ ᠬᠠᠤᠯᠢ | ᠪᠤᠰᠤ ᠡᠵᠡᠩᠨᠡᠭᠰᠡᠳ ᠪᠣᠯ ᠪᠦᠬᠦᠨ ᠢ ᠬᠠᠭᠠᠨ ᠵᠣᠭᠰᠣᠭᠠᠪᠠ᠃ | 1979 ᠣᠨ ᠤ 6 ᠰᠠᠷ᠎ᠠ ᠳᠤ ᠤᠯᠤᠰ ᠤᠨ ᠲᠣᠲᠣᠭᠠᠲᠤ ᠶᠢ ᠬᠠᠮᠠᠭᠠᠯᠠᠬᠤ ᠶᠠᠮᠤᠨ᠂ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠰᠠᠯᠠᠭ᠎ᠠ ᠮᠦᠴᠢᠷ ᠬᠠᠮᠲᠤᠷᠠᠨ ︽ᠣᠨᠴᠠᠭᠠᠢ ᠠᠵᠢᠯ ᠲᠥᠷᠥᠯ ᠳᠤ ᠲᠠᠩᠰᠠᠯᠠᠯᠲᠠ ᠬᠢᠵᠦ ᠬᠠᠮᠢᠶᠠᠷᠬᠤ ᠲᠤᠬᠠᠢ ᠮᠡᠳᠡᠭᠳᠡᠯ︾ ᠭᠠᠷᠭᠠᠵᠤ᠂ ᠣᠨᠴᠠᠭᠠᠢ | ᠠᠵᠢᠯ ᠲᠥᠷᠥᠯ ᠤᠨ ᠬᠠᠮᠢᠶᠠᠷᠤᠯᠲᠠ ᠳᠤ ᠪᠠᠭᠤᠯᠭᠠᠨ ᠳᠠᠷᠤᠮᠠᠯᠯᠠᠵᠤ ᠵᠢᠷᠤᠭ ᠬᠠᠲᠠᠭᠠᠬᠤ᠂ ᠪᠢᠴᠢᠭ ᠮᠠᠲ᠋ᠧᠷᠢᠶᠠᠯ ᠰᠡᠭᠦᠳᠡᠷᠯᠡᠬᠦ᠂ ᠲᠧᠯᠸᠢᠰ ᠮᠠᠰᠢᠨ ᠰᠡᠯᠪᠢᠨ ᠵᠠᠰᠠᠬᠤ | ᠵᠡᠷᠭᠡ ᠠᠵᠢᠯ ᠲᠥᠷᠥᠯ ᠢ ᠨᠡᠮᠡᠪᠡ᠃ ᠲᠤᠰ ᠬᠤᠲᠠ ᠶᠢᠨ ᠡᠯ᠎ᠡ ᠱᠠᠲᠤᠨ ᠤ ᠲᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ ᠨᠢ ᠤᠯᠤᠰ ᠤᠨ ᠲᠦᠷᠤ ᠶᠢᠨ ᠪᠣᠳᠤᠯᠭ᠎ᠠ | ᠬᠠᠤᠯᠢ ᠵᠠᠷᠯᠠᠯ ᠠᠴᠠ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤ ᠨᠢ ᠵᠠᠯᠠᠷᠠᠭᠤᠯᠵᠤ᠂ ᠵᠦᠢ ᠶᠣᠰᠤᠨ ᠤ ᠪᠤᠰᠤ ᠡᠵᠡᠩᠨᠡᠬᠦ ᠠᠵᠢᠯᠯᠠᠭ᠎ᠠ ᠶᠢ ᠬᠤᠷᠢᠭᠯᠠᠨ | ᠵᠣᠭᠰᠤᠭᠠᠪᠠ᠃ | 1980 ᠣᠨ ᠠᠴᠠ ᠰᠡᠭᠦᠯᠡᠷ ᠲᠤᠰ ᠬᠤᠲᠠ ᠶᠢᠨ ᠣᠨᠴᠠᠭᠠᠢ ᠠᠵᠢᠯ ᠲᠥᠷᠥᠯ ᠦᠳᠲᠡᠷ ᠲᠦᠷᠭᠡᠨ ᠬᠦᠭᠵᠢᠵᠦ᠂ 1986 ᠣᠨ ᠪᠣᠯᠬᠤ ᠳᠤ ᠪᠦᠬᠦ | ᠬᠤᠲᠠ ᠶᠢᠨ ᠠᠶᠠᠨᠴᠢᠨ ᠤ ᠪᠠᠭᠤᠳᠠᠯ 600 ᠭᠠᠷᠤᠢ᠂ ᠬᠠᠭᠤᠴᠢᠨ ᠪᠠᠷᠠᠭ᠎ᠠ ᠡᠵᠡᠩᠨᠡᠭᠴᠢᠳ 218᠂ ᠦᠰᠦᠭ ᠰᠡᠶᠢᠯᠬᠦ ᠭᠠᠵᠠᠷ 56 ᠪᠣᠯᠵᠠᠢ᠃ ᠡᠭᠦᠨ ᠳᠤ | ᠬᠤᠩᠱᠠᠨ ᠲᠣᠭᠤᠷᠢᠭ ᠲᠤ 79 ᠠᠶᠠᠨᠴᠢᠨ ᠤ ᠪᠠᠭᠤᠳᠠᠯ ᠪᠠᠶᠢᠵᠤ᠂ ᠡᠳᠦᠷ ᠪᠦᠷᠢ ᠶᠢᠨ ᠵᠣᠴᠢᠨ ᠤ ᠬᠡᠮᠵᠢᠶ᠎ᠡ ᠲᠦᠮᠡᠨ ᠬᠦᠮᠦᠨ ᠳᠤ ᠬᠦᠷᠴᠦ ᠪᠠᠶᠢᠪᠠ᠃ ᠡᠶᠢᠮᠦᠷᠬᠦ | ᠪᠠᠶᠢᠳᠠᠯ ᠳᠤ ᠴᠢᠭᠯᠡᠭᠦᠯᠦᠨ᠂ ᠬᠤᠩᠱᠠᠨ ᠲᠣᠭᠤᠷᠢᠭ ᠤᠨ ᠳᠣᠲᠤᠭᠠᠳᠤ ᠶᠢ ᠬᠠᠮᠠᠭᠠᠯᠠᠬᠤ ᠳᠣᠪᠴᠢᠶ᠎ᠠ ᠨᠢ ᠠᠶᠠᠨᠴᠢᠨ ᠤ ᠪᠠᠭᠤᠳᠠᠯ ᠤᠳ ᠢ ᠴᠡᠭᠴᠡᠯᠡᠬᠦ ᠪᠠᠷ ᠳᠠᠮᠵᠢᠨ | ᠠᠮᠤᠷ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢ 66 ᠪᠠᠶᠢᠭᠤᠯᠵᠤ᠂ 265 ᠨᠡᠷ᠎ᠡ ᠠᠮᠤᠷ ᠢ ᠬᠠᠮᠠᠭᠠᠯᠠᠭᠴᠢ ᠲᠣᠮᠢᠯᠠᠨ᠂ ︽ᠬᠡᠨ ᠭᠤᠣᠯᠯᠠᠨ ᠬᠠᠮᠢᠶᠠᠷᠪᠠᠯ ᠬᠡᠨ | ᠬᠠᠷᠢᠭᠤᠴᠠᠬᠤ︾ ᠵᠠᠷᠴᠢᠮ ᠶᠣᠰᠤᠭᠠᠷ ᠠᠮᠤᠷ ᠢ ᠬᠠᠮᠠᠭᠠᠯᠠᠬᠤ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠶᠠᠨᠴᠢᠨ ᠤ | ᠪᠠᠭᠤᠳᠠᠯ ᠵᠡᠷᠭᠡ ᠣᠨᠴᠠᠭᠠᠢ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠳᠬᠠᠪᠠ᠃ | 1988 ᠣᠨ ᠳᠤ ᠪᠦᠬᠦ ᠬᠤᠲᠠ ᠶᠢᠨ ᠲᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ ᠨᠢ ᠣᠨᠴᠠᠭᠠᠢ ᠠᠵᠢᠯ ᠲᠥᠷᠥᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ | ᠵᠦᠪᠬᠡᠨ ᠬᠤᠩᠱᠠᠨ ᠲᠣᠭᠤᠷᠢᠭ ᠤᠨ ᠲᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠪᠠᠶᠢᠴᠠᠭᠠᠵᠤ ᠭᠠᠷᠭᠠᠭᠰᠠᠨ ᠬᠠᠶᠠᠭᠳᠠᠮᠠᠯ ᠪᠣᠳᠠᠰ ᠬᠤᠳᠠᠯᠳᠤᠨ ᠠᠪᠳᠠᠭ 117 | ᠥᠷᠲᠡᠭᠡ᠂ ᠴᠡᠭ ᠤᠨ ᠳᠣᠲᠣᠷ᠎ᠠ ᠦᠨᠡᠮᠯᠡᠯ ᠦᠭᠡᠢ 11 ᠶᠢ ᠨᠢ ᠬᠠᠭᠠᠨ ᠵᠣᠬᠰᠣᠭᠠᠵᠤ᠂ ᠡᠵᠡᠩᠨᠡᠬᠦ ᠬᠡᠪᠴᠢᠶ᠎ᠡ ᠨᠢ ᠬᠡᠲᠦᠷᠡᠭᠰᠡᠨ 21 ᠶᠢ ᠠᠵᠢᠯ ᠢ ᠨᠢ ᠵᠣᠭᠰᠤᠭᠠᠨ | ᠴᠡᠭᠴᠡᠯᠡᠯᠲᠡ ᠬᠢᠵᠦ᠂ ᠬᠠᠶᠠᠭᠳᠠᠮᠠᠯ ᠲᠡᠮᠦᠷᠯᠢᠭ ᠬᠤᠳᠠᠯᠳᠤᠨ ᠠᠪᠳᠠᠭ 24 ᠥᠷᠲᠡᠭᠡ ᠳᠤ ᠳᠠᠬᠢᠨ ᠵᠦᠪᠰᠢᠶᠡᠷᠡᠯ ᠤᠨ ᠲᠡᠮᠳᠡᠭ ᠣᠯᠭᠤᠪᠠ᠃ | 1990 ᠣᠨ ᠳᠤ ᠪᠦᠬᠦ ᠬᠤᠲᠠ ᠳᠤ ᠠᠶᠠᠨᠴᠢᠨ ᠤ ᠪᠠᠭᠤᠳᠠᠯ 778᠂ ᠬᠠᠭᠤᠴᠢᠨ ᠪᠠᠷᠠᠭ᠎ᠠ ᠡᠵᠡᠩᠨᠡᠭᠴᠢᠳ 528᠂ ᠦᠰᠦᠭ ᠰᠡᠶᠢᠯᠬᠦ ᠭᠠᠵᠠᠷ 84᠂ | ᠡᠭᠡᠭᠦᠯᠦᠨ ᠬᠤᠳᠠᠯᠳᠤᠨ ᠠᠪᠬᠤ ᠭᠠᠵᠠᠷ 98 ᠪᠣᠯᠪᠠ᠃ ᠡᠭᠦᠨ ᠳᠤ ᠬᠤᠩᠱᠠᠨ ᠲᠣᠭᠤᠷᠢᠭ ᠲᠤ ᠠᠶᠠᠨᠴᠢᠨ ᠤ ᠪᠠᠭᠤᠳᠠᠯ 105᠂ ᠪᠠᠭᠤᠳᠠᠯ ᠤᠨ ᠣᠷᠣ 8 367᠂ | ᠠᠵᠢᠯᠲᠠᠨ 1 901 ᠬᠥᠮᠥᠨ ᠪᠣᠯᠪᠠ᠂ ᠬᠠᠶᠠᠭᠳᠠᠮᠠᠯ ᠪᠣᠳᠠᠰ ᠬᠤᠳᠠᠯᠳᠤᠨ ᠠᠪᠬᠤ ᠭᠠᠵᠠᠷ 25᠂ ᠦᠰᠦᠭ ᠰᠡᠶᠢᠯᠬᠦ ᠭᠠᠵᠠᠷ 11 ᠪᠠᠶᠢᠪᠠ᠃ ᠴᠡᠪᠡᠷᠯᠡᠨ | ᠪᠠᠶᠢᠴᠠᠭᠠᠬᠤ ᠪᠠᠷ ᠳᠠᠮᠵᠢᠵᠤ᠂ ᠬᠤᠪᠢ ᠬᠦᠮᠦᠨ ᠤ ᠡᠵᠡᠩᠨᠡᠭᠰᠡᠨ ᠠᠶᠠᠨᠴᠢᠨ ᠤ ᠪᠠᠭᠤᠳᠠᠯ ᠠᠴᠠ 7 ᠶᠢ ᠵᠣᠭᠰᠤᠭᠠᠵᠤ᠂ 24 ᠶᠢ ᠬᠤᠭᠤᠴᠠᠭ᠎ᠠ ᠲᠣᠭᠲᠠᠨ ᠴᠡᠭᠴᠡᠯᠡᠪᠡ | ᠃ 1980 ᠣᠨ ᠠᠴᠠ ᠨᠠᠭᠠᠰᠢ ᠣᠨᠴᠠᠭᠠᠢ ᠠᠵᠢᠯ ᠲᠥᠷᠥᠯ ᠤᠨ ᠬᠢᠨ ᠤ ᠬᠠᠤᠯᠢ ᠶᠢ ᠵᠦᠷᠢᠴᠡᠭᠰᠡᠨ ᠶᠠᠯᠠᠲᠤ ᠡᠲᠡᠭᠡᠳ 3 400 ᠭᠠᠷᠤᠢ ᠬᠦᠮᠦᠨ ᠢ ᠪᠠᠶᠢᠴᠠᠭᠠᠨ | ᠰᠢᠢᠳᠪᠦᠷᠢᠯᠡᠵᠡᠢ᠃ | | | |