ᠴᠢᠩ ᠤᠯᠤᠰ ᠤᠨ ᠦᠶ᠎ᠡ ᠳᠤ ᠴᠢᠩ ᠤᠨ ᠵᠠᠰᠠᠭ ᠤᠨ ᠭᠠᠵᠠᠷ ︽ᠠᠶᠠᠨᠴᠢᠨ ᠤ ᠪᠠᠭᠤᠳᠠᠯ ᠢ ᠬᠠᠮᠢᠶᠠᠷᠬᠤ ᠳᠦᠷᠢᠮ︾ ᠢ ᠲᠣᠭᠲᠠᠭᠠᠨ᠂ ᠠᠶᠠᠨᠴᠢᠨ ᠤ | ᠪᠠᠭᠤᠳᠠᠯ ᠢ ᠬᠠᠮᠢᠶᠠᠷᠴᠦ ᠪᠠᠶᠢᠪᠠ᠃ ᠢᠷᠭᠡᠨ ᠤᠯᠤᠰ ᠤᠨ ᠦᠶ᠎ᠡ ᠳᠤ ᠠᠶᠠᠨᠴᠢᠨ ᠤ ᠪᠠᠭᠤᠳᠠᠯ ᠂ ᠬᠠᠭᠤᠴᠢᠨ ᠪᠠᠷᠠᠭ᠎ᠠ᠂ ᠦᠰᠦᠭ ᠰᠡᠶᠢᠯᠬᠦ᠂ ᠶᠠᠩᠬᠠᠨ ᠤ ᠬᠦᠷᠢᠶᠡᠯᠡᠩ | ᠵᠡᠷᠭᠡ ᠠᠵᠢᠯ ᠲᠥᠷᠥᠯ ᠢ ᠣᠨᠴᠠᠭᠠᠢ ᠠᠵᠢᠯ ᠲᠥᠷᠥᠯ ᠳᠤ ᠪᠠᠭᠲᠠᠭᠠᠨ ᠬᠠᠮᠢᠶᠠᠷᠴᠦ ᠪᠠᠶᠢᠵᠠᠢ᠃ ᠬᠠᠭᠤᠷᠮᠠᠭ ᠮᠠᠨᠵᠤ ᠶᠢᠨ ᠦᠶ᠎ᠡ ᠳᠤ ᠨᠣᠶᠠᠷᠬᠠᠯ ᠢᠶᠠᠨ | ᠪᠠᠬᠢᠵᠢᠬᠦᠯᠬᠦ ᠶᠢᠨ ᠲᠥᠯᠥᠭᠡ ᠲᠢᠶᠠᠳ᠋ᠷ᠂ ᠠᠶᠠᠨᠴᠢᠨ ᠤ ᠪᠠᠭᠤᠳᠠᠯ᠂ ᠠᠷᠢᠬᠢᠨ ᠮᠣᠬᠤᠯᠠᠭ᠂ ᠴᠠᠢ ᠶᠢᠨ ᠥᠷᠥᠭᠡ᠂ ᠶᠠᠩᠬᠠᠨ ᠤ ᠬᠦᠷᠢᠶᠡᠯᠡᠩ᠂ ᠨᠠᠶᠢᠷ ᠨᠠᠭᠠᠳᠤᠮ ᠤᠨ | ᠭᠠᠵᠠᠷ᠂ ᠦᠰᠦᠭ ᠰᠡᠶᠢᠯᠬᠦ ᠵᠡᠷᠭᠡ ᠣᠯᠠᠨ ᠨᠡᠶᠢᠲᠡ ᠶᠢᠨ ᠡᠮᠬᠢ ᠲᠢᠭᠯᠢᠮ ᠲᠠᠢ ᠬᠤᠯᠪᠣᠭᠳᠠᠯ ᠪᠦᠬᠦᠢ ᠠᠵᠢᠯ ᠲᠥᠷᠥᠯ ᠢ ᠴᠦᠮ ᠴᠠᠭᠳᠠᠭ᠎ᠠ ᠶᠢᠨ ᠪᠠᠶᠢᠭᠤᠯᠭ᠎ᠠ ᠶᠢᠨ | ᠡᠵᠡᠮᠰᠢᠯ ᠳᠤ ᠣᠷᠣᠭᠤᠯᠣᠨ ᠬᠠᠮᠢᠶᠠᠷᠴᠦ ᠪᠠᠶᠢᠪᠠ᠃ | 1949 ᠣᠨ ᠳᠤ ᠵᠤᠤ ᠤᠳᠠ ᠠᠶᠢᠮᠠᠭ ᠤᠨ ᠡᠯ᠎ᠡ ᠬᠤᠰᠢᠭᠤ ᠰᠢᠶᠠᠨ ᠤ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠵᠡᠭᠦᠨ ᠬᠤᠶᠢᠲᠤ ᠣᠷᠣᠨ ᠤ ᠵᠠᠰᠠᠭ | ᠵᠠᠬᠢᠷᠭᠠᠨ ᠤ ᠵᠦᠪᠯᠡᠯ ᠤᠨ ᠲᠣᠲᠣᠭᠠᠲᠤ ᠶᠢ ᠬᠠᠮᠠᠭᠠᠯᠠᠬᠤ ᠶᠠᠮᠤᠨ ᠤ ︽ᠣᠨᠴᠠᠭᠠᠢ ᠠᠵᠢᠯ ᠲᠥᠷᠥᠯ ᠤᠨ ᠬᠠᠮᠢᠶᠠᠷᠤᠯᠲᠠ ᠶᠢᠨ ᠲᠣᠭᠲᠠᠭᠠᠯ︾ ᠢ ᠦᠨᠳᠦᠰᠦᠯᠡᠨ᠂ | ᠠᠶᠠᠨᠴᠢᠨ ᠤ ᠪᠠᠭᠤᠳᠠᠯ ᠪᠣᠯᠣᠨ ᠦᠰᠦᠭ ᠰᠡᠶᠢᠯᠬᠦ ᠫᠦᠰᠡ ᠵᠡᠷᠭᠡ ᠭᠠᠵᠠᠷ ᠲᠤ ᠳᠠᠩᠰᠠᠯᠠᠯᠲᠠ ᠬᠢᠵᠦ᠂ ᠥᠢᠯᠡᠰ ᠡᠵᠡᠩᠨᠡᠭᠴᠢ ᠶᠢ ᠬᠢᠨᠠᠨ ᠪᠠᠶᠢᠴᠠᠭᠠᠵᠤ᠂ ᠪᠠᠭᠤᠳᠠᠯ ᠨᠢ | ᠬᠤᠨᠣᠭᠯᠠᠵᠤ ᠰᠠᠭᠤᠬᠤ ᠬᠦᠮᠦᠨ ᠢ ᠲᠠᠩᠰᠠᠯᠠᠬᠤ ᠳᠦᠷᠢᠮ ᠢ ᠬᠡᠷᠡᠭᠵᠢᠭᠦᠯᠵᠦ᠂ ᠪᠠᠭᠤᠳᠠᠯᠯᠠᠭᠰᠠᠨ ᠲᠡᠮᠳᠡᠭᠯᠡᠯ ᠢ ᠲᠠᠭᠯᠠᠨ ᠬᠠᠷᠢᠶ᠎ᠠ ᠣᠷᠣᠨ ᠤ ᠪᠠᠨ ᠲᠣᠲᠣᠭᠠᠲᠤ ᠶᠢ | ᠬᠠᠮᠠᠭᠠᠯᠠᠬᠤ ᠲᠣᠮᠢᠯᠠᠭᠰᠠᠨ ᠰᠠᠯᠪᠤᠷᠢ ᠳᠤ ᠬᠦᠷᠭᠡᠨ ᠬᠢᠨᠠᠨ ᠪᠠᠶᠢᠴᠠᠭᠠᠯᠭᠠᠬᠤ ᠬᠡᠷᠡᠭᠲᠡᠢ ᠪᠠᠶᠢᠵᠠᠢ᠃ ᠦᠰᠦᠭ ᠰᠡᠶᠢᠯᠬᠦ ᠫᠦᠰᠠ ᠨᠢ ᠠᠯᠪᠠᠨ ᠲᠠᠮᠠᠭ᠎ᠠ ᠵᠢᠴᠢ ᠪᠠᠶᠢᠭᠤᠯᠭ᠎ᠠ | ᠨᠢᠭᠡᠴᠢ ᠶᠢᠨ ᠬᠠᠷᠢᠭᠤᠴᠠᠯᠭᠠᠲᠠᠨ ᠤ ᠨᠡᠷ᠎ᠡ ᠶᠢᠨ ᠲᠠᠮᠠᠭ᠎ᠠ ᠶᠢ ᠰᠡᠶᠢᠯᠬᠦ ᠳᠤ ᠪᠠᠨ ᠡᠷᠬᠡᠪᠰᠢ ᠳᠣᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠠᠷ ᠵᠦᠪᠰᠢᠶᠡᠷᠡᠭᠦᠯᠬᠦ ᠶᠢᠨ | ᠬᠠᠮᠲᠤ᠂ ᠡᠬᠡ ᠶᠠᠩᠵᠤ ᠶᠢ ᠨᠢ ᠲᠣᠲᠣᠭᠠᠲᠤ ᠶᠢ ᠬᠠᠮᠠᠭᠠᠯᠠᠬᠤ ᠲᠣᠪᠴᠢᠶ᠎ᠠ ᠳᠤ ᠬᠦᠷᠭᠡᠨ ᠪᠠᠶᠢᠴᠠᠭᠠᠬᠤ ᠳᠤ ᠪᠡᠯᠡᠳᠬᠡᠨ ᠬᠠᠳᠠᠭᠠᠯᠠᠭᠤᠯᠬᠤ ᠬᠡᠷᠡᠭᠲᠡᠢ ᠪᠠᠶᠢᠵᠠᠢ᠃ ᠲᠣᠰ | ᠵᠢᠯ ᠣᠣᠯ ᠤᠨ ᠤᠯᠠᠭᠠᠨᠬᠠᠳᠠ ᠬᠤᠲᠠ ᠶᠢᠨ ᠲᠣᠲᠣᠭᠠᠲᠣ ᠶᠢ ᠬᠠᠮᠠᠭᠠᠯᠠᠬᠤ ᠲᠣᠪᠴᠢᠶ᠎ᠠ ᠨᠢ 83 ᠠᠶᠠᠨᠴᠢᠨ ᠤ ᠪᠠᠭᠤᠳᠠᠯ᠂ 9 ᠦᠰᠦᠭ ᠰᠡᠶᠢᠯᠬᠦ ᠭᠠᠵᠠᠷ᠂ 1 | ᠪᠠᠭᠤᠯᠭᠠᠨ ᠳᠠᠷᠤᠮᠠᠯᠯᠠᠬᠤ ᠭᠠᠵᠠᠷ᠂ 3 ᠭᠡᠷᠡᠯ ᠵᠢᠷᠤᠭ᠂ ᠴᠠᠬᠢᠯᠭᠠᠨ ᠮᠠᠲ᠋ᠧᠷᠢᠶᠠᠯ ᠤᠨ ᠭᠠᠵᠠᠷ ᠵᠡᠷᠭᠡ ᠶᠢ ᠣᠨᠴᠠᠭᠠᠢ ᠠᠵᠢᠯ ᠲᠥᠷᠥᠯ ᠳᠤ ᠣᠷᠣᠭᠤᠯᠣᠨ ᠲᠠᠩᠰᠠᠯᠠᠨ | ᠬᠠᠮᠢᠶᠠᠷᠴᠦ᠂ ᠠᠶᠠᠨᠴᠢᠨ ᠤ ᠪᠠᠭᠤᠳᠠᠯ ᠨᠢ ᠳᠠᠩᠰᠠᠯᠠᠬᠤ ᠳᠠᠪᠲᠡᠷ ᠬᠢᠵᠦ ᠪᠠᠶᠢᠴᠠᠭᠠᠨ ᠬᠠᠷᠢᠭᠤ ᠮᠡᠳᠡᠭᠦᠯᠬᠦ ᠳᠦᠷᠢᠮ ᠢ ᠲᠤᠭᠲᠠᠭᠠᠵᠤ᠂ ᠲᠣᠲᠣᠭᠠᠲᠤ ᠶᠢ ᠬᠠᠮᠠᠭᠠᠯᠠᠬᠤ | ᠲᠣᠮᠢᠯᠠᠭᠰᠠᠨ ᠰᠠᠯᠪᠤᠷᠢ ᠠᠴᠠ ᠰᠢᠭᠤᠳ ᠬᠠᠮᠢᠶᠠᠷᠬᠤ ᠶᠢᠨ ᠬᠠᠮᠲᠤ᠂ ᠦᠰᠦᠭ ᠰᠡᠶᠢᠯᠬᠦ ᠭᠠᠵᠠᠷ ᠠᠴᠠ ᠶᠠᠯᠠᠲᠤ ᠡᠲᠡᠭᠡᠳ ᠲᠤ ᠭᠡᠷᠡᠴᠢ ᠲᠡᠮᠳᠡᠭ ᠲᠠᠮᠠᠭ᠎ᠠ ᠵᠡᠷᠭᠡ ᠶᠢ | ᠬᠠᠭᠤᠷᠮᠠᠭ ᠢᠶᠠᠷ ᠵᠣᠬᠢᠶᠠᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠵᠡᠢ᠃ | 1951 ᠣᠨ ᠳᠤ ᠤᠯᠤᠰ ᠤᠨ ᠲᠣᠲᠣᠭᠠᠲᠤ ᠶᠢ ᠬᠠᠮᠠᠭᠠᠯᠠᠬᠤ ᠶᠠᠮᠤᠨ ︽ᠬᠤᠲᠠ ᠶᠢᠨ ᠠᠶᠠᠨᠴᠢᠳ ᠤᠨ ᠪᠠᠭᠤᠳᠠᠯ ᠤᠨ ᠲᠦᠷ ᠬᠡᠷᠡᠭᠵᠢᠭᠦᠯᠬᠦ | ᠬᠠᠮᠢᠶᠠᠷᠤᠯᠲᠠ ᠶᠢᠨ ᠳᠦᠷᠢᠮ︾ ᠪᠣᠯᠣᠨ ︽ᠣᠯᠠᠨ ᠨᠡᠶᠢᠲᠡ ᠶᠢᠨ ᠨᠠᠶᠢᠷ ᠴᠡᠩᠭᠡᠬᠦᠨ ᠤ ᠲᠠᠯᠠᠪᠤᠷ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︾ ᠢ | ᠨᠡᠶᠢᠲᠡᠯᠡᠨ ᠬᠡᠷᠡᠭᠵᠢᠭᠦᠯᠦᠭᠰᠡᠨ ᠠᠴᠠ ᠰᠡᠭᠦᠯᠡᠷ ᠪᠦᠬᠦ ᠠᠶᠢᠮᠠᠭ ᠤᠨ ᠲᠣᠲᠣᠭᠠᠲᠤ ᠶᠢ ᠬᠠᠮᠠᠭᠠᠯᠠᠬᠤ ᠪᠠᠶᠢᠭᠤᠯᠭ᠎ᠠ ᠨᠢ ᠣᠨᠴᠠᠭᠠᠢ ᠠᠵᠢᠯ ᠲᠥᠷᠥᠯ ᠳᠤ ᠬᠠᠣᠯᠢ ᠶᠣᠰᠣᠭᠠᠷ | ᠪᠠᠶᠢᠴᠠᠭᠠᠯᠲᠠ ᠬᠢᠵᠦ ᠬᠢᠨᠠᠯᠲᠠ ᠲᠠᠯᠪᠢᠬᠤ ᠶᠢᠨ ᠬᠠᠮᠲᠤ ᠬᠠᠣᠯᠢ ᠶᠢ ᠵᠦᠷᠢᠴᠡᠭᠰᠡᠨ ᠶᠠᠯᠠᠲᠦ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠪᠡ᠃ | 1956 ᠣᠨ ᠳᠤ ᠬᠤᠪᠢ ᠶᠢᠨ ᠥᠢᠯᠡᠳᠪᠦᠷᠢ ᠬᠤᠳᠠᠯᠳᠤᠭ᠎ᠠ ᠳᠠᠬᠢ ᠨᠡᠶᠢᠭᠡᠮ ᠵᠢᠷᠤᠮᠲᠤ ᠥᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ᠂ ᠬᠤᠪᠢ | ᠬᠦᠮᠦᠨ ᠤ ᠡᠷᠬᠢᠯᠡᠭᠰᠡᠨ ᠪᠠᠭᠤᠳᠠᠯ ᠂ ᠬᠠᠭᠤᠴᠢᠨ ᠪᠠᠷᠠᠭ᠎ᠠ᠂ ᠬᠡᠪᠯᠡᠬᠦ ᠴᠢᠳᠬᠤᠬᠤ ᠰᠡᠶᠢᠯᠬᠦ ᠪᠠ ᠵᠠᠰᠠᠵᠤ ᠰᠡᠯᠪᠢᠬᠦ ᠠᠵᠢᠯ ᠲᠥᠷᠥᠯ ᠢ ᠵᠠᠯᠭᠠᠭ᠎ᠠ ᠪᠠᠷ ᠤᠯᠤᠰ ᠠᠴᠠ | ᠡᠵᠡᠩᠨᠡᠭᠰᠡᠨ ᠪᠣᠶᠤ ᠨᠡᠶᠢᠲᠡ ᠬᠤᠪᠢ ᠶᠢᠨ ᠬᠤᠷᠰᠢᠭᠰᠠᠨ ᠡᠵᠡᠩᠨᠡᠯᠲᠡᠲᠦ ᠠᠵᠤ ᠠᠬᠤᠶᠢᠯᠠᠯ ᠪᠣᠯᠭᠠᠨ ᠥᠭᠡᠷᠡᠴᠢᠯᠡᠵᠦ᠂ ᠥᠢᠯᠡᠳᠪᠦᠷᠢ ᠬᠤᠳᠠᠯᠳᠤᠭᠠᠨ ᠤ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠪᠣᠯᠣᠨ ᠭᠤᠣᠯᠯᠠᠨ ᠬᠠᠮᠢᠶᠠᠷᠬᠤ ᠨᠢᠭᠡᠴᠢ ᠠᠴᠠ ᠨᠢᠭᠡᠲᠦᠯᠲᠠᠢ ᠬᠠᠮᠢᠶᠠᠷᠪᠠ᠃ ᠲᠣᠲᠣᠭᠠᠲᠤ ᠶᠢ ᠬᠠᠮᠠᠭᠠᠯᠠᠬᠤ | ᠪᠠᠶᠢᠭᠤᠯᠭ᠎ᠠ ᠨᠢ ᠰᠢᠪᠠᠳᠠᠨ ᠬᠠᠪᠰᠣᠷᠴᠦ᠂ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠪᠣᠯᠣᠨ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠢ ᠲᠣᠭᠲᠠᠭᠠᠵᠤ᠂ ᠠᠮᠤᠷ ᠢ ᠬᠠᠮᠠᠭᠠᠯᠠᠬᠤ ᠵᠦᠪᠯᠡᠯ ᠢ ᠪᠠᠶᠢᠭᠤᠯᠤᠨ᠂ ᠬᠠᠣᠯᠢ ᠶᠢ ᠵᠦᠷᠢᠴᠡᠭᠰᠡᠨ ᠬᠦᠮᠦᠰ ᠪᠣᠯᠣᠨ ᠶᠠᠯ᠎ᠠ ᠬᠢᠭᠰᠡᠨ ᠰᠡᠵᠢᠭᠯᠡᠯᠲᠡᠢ ᠡᠲᠡᠭᠡᠳ ᠢ | ᠴᠠᠭ ᠲᠤᠬᠠᠢ ᠳᠤ ᠨᠢ ᠬᠢᠨᠠᠨ ᠪᠠᠶᠢᠴᠠᠭᠠᠪᠠ᠃ | 1962 ᠣᠨ ᠳᠤ ᠪᠦᠬᠦ ᠠᠶᠢᠮᠠᠭ ᠲᠤ ᠣᠨᠴᠠᠭᠠᠢ ᠠᠵᠢᠯ ᠲᠥᠷᠥᠯ ᠢ ᠭᠤᠣᠯᠳᠠᠯᠭ᠎ᠠ ᠲᠠᠢ ᠬᠢᠨᠠᠨ ᠪᠠᠶᠢᠴᠠᠭᠠᠵᠤ᠂ ᠬᠠᠶᠠᠭᠳᠠᠮᠠᠯ ᠡᠳ᠋ ᠢ ᠡᠭᠡᠭᠦᠯᠦᠨ ᠬᠤᠷᠢᠶᠠᠬᠤ | ᠪᠠ ᠰᠡᠯᠪᠢᠨ ᠵᠠᠰᠠᠬᠤ ᠭᠠᠵᠠᠷ ᠢ ᠪᠠᠰᠠ ᠣᠨᠴᠠᠭᠠᠢ ᠠᠵᠢᠯ ᠲᠥᠷᠥᠯ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠪᠠ᠃ ᠰᠢᠨ᠎ᠡ ᠪᠠᠷ ᠣᠨᠴᠠᠭᠠᠢ ᠠᠵᠢᠯ | ᠲᠥᠷᠥᠯ ᠡᠵᠡᠩᠨᠡᠭᠰᠡᠳ ᠢ ᠳᠠᠩᠰᠠᠯᠠᠨ ᠦᠨᠡᠮᠯᠡᠯ ᠣᠯᠭᠤᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠣᠭᠲᠠᠭᠠᠵᠠᠢ᠃ | | | |