ᠮᠠᠨ ᠤ ᠣᠷᠣᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠴᠡᠭ | ᠪᠠᠶᠢᠷᠢ ᠶᠢᠨ 31 ᠲᠥᠷᠥᠯ ᠵᠦᠢᠯ ᠡᠬᠢᠯᠡᠨᠬᠡᠷᠡᠭᠵᠢᠭᠦᠯᠦᠭᠳᠡᠪᠡ | | | ᠡᠨᠡ ᠵᠢᠯ ᠠᠴᠠ ᠨᠠᠭᠠᠰᠢ᠂ ᠮᠠᠨ ᠤ ᠣᠷᠣᠨ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠪᠰᠢᠭᠦᠯᠬᠦ ᠂ ᠰᠢᠨ᠎ᠡ ᠪᠠᠷ ᠪᠤᠢ | ᠪᠣᠯᠣᠬᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ᠂ ᠢᠷᠡᠭᠡᠳᠦᠶ ᠶᠢᠨ ᠠᠵᠤ ᠦᠢᠯᠡᠰ ᠤᠨ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠦᠭᠵᠢᠭᠦᠯᠬᠦ ᠶᠢ ᠤᠷᠢᠳᠴᠢᠯᠠᠨ ᠪᠠᠶᠢᠷᠢᠰᠢᠭᠤᠯᠬᠤ ᠶᠢᠨ | ᠲᠣᠭᠤᠷᠢᠨ ᠳᠤ᠂ ᠠᠩᠬᠠᠳᠠᠭᠴᠢ ᠪᠦᠯᠦᠭ ᠤᠨ ᠡᠨᠧᠷᠭᠢ | ᠨᠥᠭᠡᠴᠡᠯᠡᠬᠦ ᠪᠠ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠰᠢᠰᠲ᠋ᠧᠮ᠂ ᠬᠤᠪᠣᠷ ᠰᠢᠷᠣᠶ᠂ ᠤᠨᠴᠠᠯᠢᠬᠳᠤ ᠰᠦ ᠶᠢᠨ | ᠦᠢᠯᠡᠰ᠂ ᠤᠰᠤᠲᠥ᠋ᠷᠥᠭᠴᠢ ᠡᠨᠧᠷᠭᠢ ᠪᠠ ᠠᠭᠠᠷ ᠣᠭᠲᠠᠷᠭᠤᠶ ᠶᠢᠨ | ᠰᠤᠨᠳᠠᠯᠠᠭᠰᠠᠨ ᠬᠡᠮᠵᠢᠭᠦᠷ ᠢᠶᠠᠷ ᠬᠡᠮᠵᠢᠬᠦ ᠦᠨᠳᠦᠰᠦᠨ | ᠪᠠᠷᠢᠮᠵᠢᠶᠠᠨ ᠤ ᠲᠣᠮᠣ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠣᠨᠤᠭ ᠲᠦᠭᠦᠭᠡᠷᠦᠮᠵᠢ ᠶᠢᠨ ︽4 + 1︾ ᠴᠡᠭ | ᠪᠠᠶᠢᠷᠢ ᠶᠢᠨ ᠪᠠᠶᠢᠷᠢᠰᠢᠭᠤᠯᠤᠯᠲᠠ ᠶᠢ ᠪᠣᠶ ᠪᠣᠯᠭᠠᠵᠤ᠂ | ᠲᠡᠷᠢᠭᠦᠨ ᠲᠠᠰ ᠤᠨ ᠮᠡᠷᠭᠡᠵᠢᠯᠲᠡᠳ ᠤᠨ ᠪᠦᠯᠬᠦᠮ ᠢ | ᠣᠷᠣᠭᠤᠯᠤᠨ ᠠᠪᠴᠢᠷᠠᠵᠤ᠂ ᠵᠠᠷᠯᠠᠯ ᠬᠦᠯᠢᠶᠡᠵᠤ ᠬᠤᠰᠢᠭᠤᠷᠠᠨ | ᠠᠵᠢᠯᠯᠠᠬᠤ ᠂ ᠬᠠᠨᠳᠤᠯᠭ᠎ᠠ ᠲᠠᠢ ᠪᠠᠷ ᠨᠠᠶᠢᠳᠠᠬᠤ ᠵᠡᠷᠭᠡ | ᠠᠷᠭ᠎ᠠ ᠬᠡᠯᠪᠡᠷᠢ ᠪᠠᠷ 36 ᠵᠦᠢᠯ ᠤᠨ ᠴᠢᠬᠤᠯᠠ ᠶᠡᠭᠡ | ᠰᠢᠪᠲᠤᠯᠤᠯᠲᠠ ᠶᠢᠨ ᠡᠭᠦᠷᠭᠡ ᠶᠢ ᠪᠦᠬᠦᠨ ᠢᠶᠠᠷ ᠨᠢ | ᠡᠬᠢᠯᠡᠭᠦᠯᠵᠦ᠂ ᠬᠡᠰᠡᠭ ᠴᠡᠭ ᠪᠠᠶᠢᠷᠢ ᠪᠠᠷ ᠪᠥᠬᠦ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠴᠢᠳᠠᠪᠤᠷᠢ ᠶᠢᠨ ᠪᠦᠬᠦᠯᠢ ᠴᠣᠭᠴᠠ ᠪᠠᠷ ᠢᠶᠠᠨ | ᠳᠡᠭᠡᠭᠰᠢᠯᠡᠬᠦ ᠶᠢ ᠨᠢ ᠳᠠᠶᠢᠴᠢᠯᠠᠵᠠᠢ ᠃ ᠣᠲᠣ ᠪᠣᠯᠲᠠᠯ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠴᠡᠭ ᠪᠠᠶᠢᠷᠢ ᠶᠢᠨ 31 ᠲᠥᠷᠥᠯ ᠵᠦᠢᠯ ᠢ ᠡᠬᠢᠯᠡᠨ | ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ | ᠪᠠᠷᠤᠭ 26.77 ᠳ᠋ᠦᠩᠰᠢᠭᠤᠷ ᠲᠥᠭᠦᠷᠢᠭ ᠲᠤ ᠬᠦᠷᠴᠡᠢ ᠂ ᠡᠭᠦᠨ ᠳᠤ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠡᠯᠡ | ᠣᠷᠣᠭᠤᠯᠤᠯᠲᠠ 4.65 ᠳ᠋ᠦᠩᠰᠢᠭᠤᠷ ᠲᠥᠭᠦᠷᠢᠭ ᠪᠠᠶᠢᠵᠤ ᠂ ᠤᠯᠤᠰ ᠤᠨ | ᠵᠠᠷᠤᠳᠠᠯ ᠤᠨ ᠳᠡᠮᠵᠢᠯᠭᠡ ᠶᠢ 0.8 ᠳ᠋ᠦᠩᠰᠢᠭᠤᠷ ᠲᠥᠭᠦᠷᠢᠭ | ᠣᠯᠵᠠᠢ ᠂ ᠠᠶᠢᠮᠠᠭ ᠬᠤᠲᠠ ᠪᠠ ᠠᠵᠤ ᠠᠬᠤᠶᠢᠯᠠᠯ ᠤᠳ ᠢ ᠬᠥᠲᠥᠯᠦᠨ | ᠵᠢᠯᠣᠭᠤᠳᠴᠤ ᠪᠠᠶᠢᠭᠠᠳ 21.32 ᠳ᠋ᠦᠩᠰᠢᠭᠤᠷ ᠲᠥᠭᠦᠷᠢᠭ ᠤᠨ ᠪᠠᠯᠠ | ᠣᠷᠤᠭᠤᠯᠤᠯᠪᠠ ᠃ ︵ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ︶ | | | |