ᠮᠠᠨ ᠤ ᠣᠷᠣᠨ ᠡᠨᠧᠷᠭᠢ᠂ ᠤᠰᠤᠨ ᠠᠰᠢᠭᠯᠠᠯᠲᠠ᠂ ᠵᠠᠮ ᠲᠡᠭᠡᠭᠡᠪᠦᠷᠢ ᠵᠡᠷᠭᠡ 3 ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ︽ᠨᠢᠭᠡᠯᠠ ᠶᠠᠪᠤᠳᠠᠯ︾ ᠢ ᠪᠥᠬᠦ ᠤᠯᠤᠰ ᠲᠤ ᠬᠠᠮᠤᠭ ᠤᠨ ᠲᠡᠷᠢᠭᠦᠨ ᠳᠤ ᠰᠦᠯᠵᠢᠶ᠎ᠡ ᠪᠠᠷ ᠲᠤᠷᠰᠢᠨ ᠠᠵᠢᠯᠯᠠᠭᠤᠯᠪᠠ
  
2024/9/10
ᠮᠠᠨ ᠤ ᠣᠷᠣᠨ ᠡᠨᠧᠷᠭᠢ᠂ ᠤᠰᠤᠨ ᠠᠰᠢᠭᠯᠠᠯᠲᠠ᠂ ᠵᠠᠮ ᠲᠡᠭᠡᠭᠡᠪᠦᠷᠢ ᠵᠡᠷᠭᠡ 3 ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠨᠢᠭᠡᠯᠠ ᠶᠠᠪᠤᠳᠠᠯ︾ ᠢ ᠪᠥᠬᠦ ᠤᠯᠤᠰ ᠲᠤ ᠬᠠᠮᠤᠭ ᠤᠨ ᠲᠡᠷᠢᠭᠦᠨ ᠳᠤ ᠰᠦᠯᠵᠢᠶ᠎ᠡ ᠪᠠᠷ ᠲᠤᠷᠰᠢᠨ ᠠᠵᠢᠯᠯᠠᠭᠤᠯᠪᠠ          ᠮᠠᠨ ᠤ ᠣᠷᠣᠨ ᠡᠨᠧᠷᠭᠢ᠂ ᠤᠰᠤᠨ ᠠᠰᠢᠭᠯᠠᠯᠲᠠ᠂ ᠵᠠᠮ ᠲᠡᠭᠡᠭᠡᠪᠦᠷᠢ ᠵᠡᠷᠭᠡ 3 ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠨᠢᠭᠡ ᠯᠠ ᠶᠠᠪᠤᠳᠠᠯ︾ ᠢ ᠪᠥᠬᠦ ᠤᠯᠤᠰ ᠲᠤ ᠬᠠᠮᠤᠭ ᠤᠨ ᠲᠡᠷᠢᠭᠦᠨ ᠳᠤ ᠰᠦᠯᠵᠢᠶ᠎ᠡ ᠪᠠᠷ ᠲᠤᠷᠰᠢᠨ ᠠᠵᠢᠯᠯᠠᠭᠤᠯᠪᠠ᠃ ᠡᠨᠧᠷᠭᠢ ᠶᠢᠨ ᠲᠠᠯ᠎ᠠ ᠪᠠᠷ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠷᠢᠳᠠᠴᠢ ᠬᠢᠨᠠᠨ ᠵᠥᠪᠰᠢᠶᠡᠷᠡᠭᠦᠯᠬᠦ ᠳᠤ ᠬᠤᠯᠪᠣᠭᠳᠠᠭᠰᠠᠨ 6 ᠰᠠᠯᠠᠭ᠎ᠠ ᠮᠥᠴᠢᠷ ᠤᠨ 19 ᠵᠦᠢᠯᠡᠰ ᠢ ︽ᠨᠢᠭᠡ ᠯᠠ ᠶᠠᠪᠤᠳᠠᠯ︾ ᠪᠣᠯᠭᠠᠨ ᠨᠡᠶᠢᠳᠬᠡᠵᠦ᠂ ᠭᠦᠢᠴᠡᠳᠭᠡᠬᠦ ᠴᠠᠭ ᠢ 193 ᠠᠵᠢᠯᠯᠠᠬᠤ ᠡᠳᠦᠷ ᠠᠴᠠ 35 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠤᠰᠢᠶᠠᠬᠤ ᠮᠠᠲ᠋ᠧᠷᠢᠶᠠᠯ ᠢ 66 ᠬᠤᠪᠢ ᠪᠠᠶᠢᠭᠰᠠᠨ ᠠᠴᠠ 45 ᠬᠤᠪᠢ ᠪᠣᠯᠭᠠᠨ ᠴᠥᠬᠡᠳᠬᠡᠵᠦ᠂ ᠭᠦᠢᠴᠡᠳᠭᠡᠬᠦ ᠭᠤᠭᠴᠤᠭ᠎ᠠ ᠶᠢ 19 ᠪᠠᠶᠢᠭᠰᠠᠨ ᠠᠴᠠ 2 ᠪᠣᠯᠭᠠᠨ ᠪᠠᠭᠠᠰᠬᠠᠪᠠ᠃ ᠤᠰᠤᠨ ᠠᠰᠢᠭᠯᠠᠯᠲᠠ ᠶᠢᠨ ᠲᠠᠯ᠎ᠠ ᠪᠠᠷ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠯᠭᠠᠨ ᠠᠪᠬᠤ᠂ ᠳᠠᠩᠰᠠ ᠡᠪᠬᠡᠮᠡᠯ ᠢ ᠰᠢᠯᠭᠠᠨ ᠠᠪᠬᠤ ᠵᠡᠷᠭᠡ 3 ᠵᠦᠢᠯᠡᠰ ᠢ ᠨᠡᠶᠢᠳᠬᠡᠵᠦ᠂ ᠰᠢᠯᠭᠠᠨ ᠠᠪᠬᠤ ᠴᠠᠭ ᠢ 81 ᠠᠵᠢᠯᠯᠠᠬᠤ ᠡᠳᠦᠷ ᠠᠴᠠ 60 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠤᠰᠢᠶᠠᠬᠤ ᠮᠠᠲ᠋ᠧᠷᠢᠶᠠᠯ ᠢ 12 ᠬᠤᠪᠢ ᠪᠠᠶᠢᠭᠰᠠᠨ ᠠᠴᠠ 9 ᠬᠤᠪᠢ ᠪᠣᠯᠭᠠᠨ ᠴᠥᠬᠡᠳᠬᠡᠵᠦ᠂ ᠭᠦᠢᠴᠡᠳᠭᠡᠬᠦ ᠭᠤᠭᠴᠤᠭ᠎ᠠ ᠶᠢ 3 ᠪᠠᠶᠢᠭᠰᠠᠨ ᠠᠴᠠ 1 ᠪᠣᠯᠭᠠᠨ ᠪᠠᠭᠠᠰᠬᠠᠪᠠ᠃ ᠵᠠᠮ ᠲᠡᠭᠡᠭᠡᠪᠦᠷᠢ ᠶᠢᠨ ᠲᠠᠯ᠎ᠠ ᠪᠠᠷ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠵᠥᠪᠰᠢᠶᠡᠷᠡᠯ᠂ ᠠᠭᠤᠷᠬᠠᠢ ᠶᠢᠨ ᠪᠤᠯᠠᠭᠳᠠᠴᠠ ᠶᠢᠨ ᠬᠠᠶᠢᠨ ᠪᠠᠶᠢᠴᠠᠭᠠᠯᠲᠠ ᠵᠡᠷᠭᠡ 18 ᠬᠢᠨᠠᠨ ᠵᠥᠪᠰᠢᠶᠡᠷᠡᠬᠦ ᠵᠦᠢᠯᠡᠰ ᠢ ︽ᠨᠢᠭᠡ ᠯᠠ ᠶᠠᠪᠤᠳᠠᠯ︾ ᠪᠣᠯᠭᠠᠨ ᠨᠡᠶᠢᠳᠬᠡᠵᠦ᠂ ᠭᠦᠢᠴᠡᠳᠭᠡᠬᠦ ᠬᠤᠭᠤᠴᠠᠭ᠎ᠠ ᠶᠢ 169 ᠠᠵᠢᠯᠯᠠᠬᠤ ᠡᠳᠦᠷ ᠪᠠᠶᠢᠭᠰᠠᠨ ᠠᠴᠠ 38 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠤᠰᠢᠶᠠᠬᠤ ᠮᠠᠲ᠋ᠧᠷᠢᠶᠠᠯ ᠢ 84 ᠬᠤᠪᠢ ᠪᠠᠶᠢᠭᠰᠠᠨ ᠠᠴᠠ 67 ᠬᠤᠪᠢ ᠪᠣᠯᠭᠠᠨ ᠴᠥᠬᠡᠳᠬᠡᠵᠦ᠂ ᠭᠦᠢᠴᠡᠳᠭᠡᠬᠦ ᠭᠤᠭᠴᠤᠭ᠎ᠠ ᠶᠢ 18 ᠪᠠᠶᠢᠭᠰᠠᠨ ᠠᠴᠠ 2 ᠪᠣᠯᠭᠠᠨ ᠪᠠᠭᠠᠰᠬᠠᠪᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶      
     