ᠰᠢ ᠶᠢᠨ ᠫᠢᠩ ᠰᠣᠯᠣᠩᠭᠤᠰ ᠤᠨ ᠤᠯᠤᠰ ᠪᠠᠶᠢᠭᠤᠯᠤᠭᠳᠠᠭᠰᠠᠨ 76 ᠵᠢᠯ ᠤᠨ ᠣᠢ ᠳᠤ ᠵᠣᠷᠢᠭᠤᠯᠤᠨ ᠰᠣᠯᠣᠩᠭᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠨ ᠶᠢᠨ ᠵᠧᠩ ᠧᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
  
2024/9/10
ᠰᠢ ᠶᠢᠨ ᠫᠢᠩ ᠰᠣᠯᠣᠩᠭᠤᠰ ᠤᠨ ᠤᠯᠤᠰ ᠪᠠᠶᠢᠭᠤᠯᠤᠭᠳᠠᠭᠰᠠᠨ 76 ᠵᠢᠯ ᠤᠨ ᠣᠢ ᠳᠤ ᠵᠣᠷᠢᠭᠤᠯᠤᠨ ᠰᠣᠯᠣᠩᠭᠤᠰ ᠤᠨ ᠬᠠᠮᠤᠭ ᠤᠨ ᠳᠡᠭᠡᠳᠦ ᠤᠳᠤᠷᠢᠳᠬᠤ ᠬᠥᠮᠥᠨ ᠶᠢᠨ ᠵᠧᠩ ᠧᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ            ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 9 ᠤ ᠴᠠᠬᠢᠯᠭᠠᠨ ᠮᠡᠳᠡᠭᠡ  9 ᠰᠠᠷ᠎ᠠ ᠶᠢᠨ 9 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠣᠯᠣᠩᠭᠤᠰ ᠤᠨ ᠤᠯᠤᠰ ᠪᠠᠶᠢᠭᠤᠯᠤᠭᠳᠠᠭᠰᠠᠨ 76 ᠵᠢᠯ ᠤᠨ ᠣᠢ ᠳᠤ ᠵᠣᠷᠢᠭᠤᠯᠤᠨ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠶᠡᠷᠦᠩᠬᠡᠢ ᠱᠦᠵᠢ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠷᠢᠶᠠᠨ ᠳᠠᠷᠤᠭ᠎ᠠ ᠶᠢᠨ ᠵᠧᠩ ᠧᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃    ᠰᠢ ᠶᠢᠨ ᠫᠢᠩ᠂ 76 ᠵᠢᠯ ᠤᠨ ᠲᠤᠷᠰᠢ᠂ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠤᠳᠤᠷᠢᠳᠤᠯᠭ᠎ᠠ ᠳᠣᠣᠷ᠎ᠠ᠂ ᠰᠣᠯᠣᠩᠭᠤᠰ ᠤᠨ ᠠᠷᠠᠳ ᠲᠦᠮᠡᠨ ᠪᠦᠯᠬᠦᠮᠳᠡᠨ ᠨᠢᠭᠡᠳᠴᠦ᠂ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠥᠷᠨᠢᠨ ᠬᠥᠭᠵᠢᠬᠦ ᠶᠢ ᠠᠬᠢᠭᠤᠯᠪᠠ᠃ ᠣᠶᠢᠷ᠎ᠠ ᠶᠢᠨ ᠵᠢᠯ ᠠᠴᠠ᠂ ᠶᠡᠷᠦᠩᠬᠡᠢ ᠱᠦᠵᠢ ᠨᠥᠬᠦᠷ ᠰᠣᠯᠣᠩᠭᠤᠰ ᠤᠨ ᠨᠠᠮ ᠪᠠ ᠠᠷᠠᠳ ᠲᠦᠮᠡᠨ ᠢ ᠳᠠᠭᠠᠭᠤᠯᠤᠨ᠂ ᠰᠣᠯᠣᠩᠭᠤᠰ ᠤᠨ ᠨᠠᠮ ᠤᠨ ᠨᠠᠢᠮᠠᠳᠤᠭᠠᠷ ᠶᠡᠭᠡ ᠬᠤᠷᠠᠯ ᠵᠢᠴᠢ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠠᠮᠵᠢᠯᠲᠠ ᠪᠦᠲᠦᠮᠵᠢ ᠣᠯᠪᠠ᠃ ᠶᠡᠷᠦᠩᠬᠡᠢ ᠱᠦᠵᠢ ᠨᠥᠬᠦᠷ ᠢᠶᠠᠷ ᠲᠦᠷᠦᠭᠦᠯᠡᠭᠦᠯᠦᠭᠰᠡᠨ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠤᠳᠤᠷᠢᠳᠤᠯᠭ᠎ᠠ ᠳᠣᠣᠷ᠎ᠠ᠂ ᠰᠣᠯᠣᠩᠭᠤᠰ ᠤᠨ ᠠᠷᠠᠳ ᠲᠦᠮᠡᠨ ᠯᠠᠪᠲᠠᠢ ᠰᠣᠯᠣᠩᠭᠤᠰ ᠮᠠᠶ᠋ᠢᠭ ᠤᠨ ᠨᠡᠶᠢᠭᠡᠮ ᠵᠢᠷᠤᠮ ᠤᠨ ᠦᠢᠯᠡᠰ ᠢ ᠠᠬᠢᠭᠤᠯᠬᠤ ᠠᠶᠠᠨ ᠳᠤ ᠲᠠᠰᠤᠷᠠᠯᠲᠠ ᠦᠭᠡᠢ ᠨᠡᠩ ᠶᠡᠭᠡ ᠰᠢᠨ᠎ᠡ ᠢᠯᠠᠯᠲᠠ ᠶᠢ ᠲᠡᠮᠡᠴᠡᠨ ᠣᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠳᠤᠮᠳᠠᠳᠤ ᠰᠣᠯᠣᠩᠭᠤᠰ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠤ᠂ ᠤᠯᠠᠮᠵᠢᠯᠠᠯᠲᠤ ᠨᠥᠬᠦᠷᠯᠡᠯ ᠶᠠᠪᠤᠬᠤ ᠲᠤᠲᠤᠮ ᠪᠠᠬᠢᠵᠢᠪᠡ᠃ ᠡᠨᠡ ᠵᠢᠯ ᠪᠣᠯ ᠳᠤᠮᠳᠠᠳᠤ ᠰᠣᠯᠣᠩᠭᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠢ ᠵᠢᠴᠢ ︽ᠳᠤᠮᠳᠠᠳᠤ ᠰᠣᠯᠣᠩᠭᠤᠰ ᠤᠨ ᠨᠥᠬᠦᠷᠯᠡᠯ ᠤᠨ ᠣᠨ︾ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠪᠠᠶᠢᠳᠠᠯ ᠳᠣᠣᠷ᠎ᠠ᠂ ᠳᠤᠮᠳᠠᠳᠤ ᠤᠯᠤᠰ ᠦᠷᠭᠦᠯᠵᠢᠯᠡᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠬᠡᠳᠦ ᠶᠢᠨ ᠬᠠᠷᠠᠭᠠᠰᠤ ᠠᠴᠠ ᠳᠤᠮᠳᠠᠳᠤ ᠰᠣᠯᠣᠩᠭᠤᠰ ᠤᠨ ᠬᠠᠷᠢᠯᠴᠠᠭ᠎ᠠ ᠳᠤ ᠬᠠᠨᠳᠤᠵᠤ᠂ ᠳᠤᠷᠠᠲᠠᠶ᠎ᠠ ᠰᠣᠯᠣᠩᠭᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠰᠠᠶᠢᠲᠤᠷ ᠬᠠᠮᠠᠭᠠᠯᠠᠵᠤ᠂ ᠰᠠᠶᠢᠲᠤᠷ ᠪᠠᠬᠢᠵᠢᠭᠦᠯᠵᠦ᠂ ᠰᠠᠶᠢᠲᠤᠷ ᠬᠥᠭᠵᠢᠭᠦᠯᠵᠦ᠂ ᠨᠡᠶᠢᠭᠡᠮ ᠵᠢᠷᠤᠮ ᠤᠨ ᠦᠢᠯᠡᠰ ᠢ ᠬᠠᠮᠲᠤ ᠪᠠᠷ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠣᠯᠠᠨ ᠠᠵᠠ ᠵᠢᠷᠭᠠᠯ ᠠᠪᠴᠢᠷᠠᠨ ᠥᠭᠴᠦ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠦ ᠴᠢᠬᠤᠯᠠᠴᠢᠯᠠᠪᠠ᠃      
     