ᠮᠠᠨ ᠤ ᠣᠷᠣᠨ ᠡᠨᠧᠷᠭᠢ᠂ ᠤᠰᠤᠨ ᠠᠰᠢᠭᠯᠠᠯᠲᠠ᠂ ᠵᠠᠮ | ᠲᠡᠭᠡᠭᠡᠪᠦᠷᠢ ᠵᠡᠷᠭᠡ 3 ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶᠡᠨ ᠳᠠᠬᠢ ︽ᠨᠢᠭᠡᠯᠠ | ᠶᠠᠪᠤᠳᠠᠯ︾ ᠢ ᠪᠥᠬᠦ ᠤᠯᠤᠰ ᠲᠤ ᠬᠠᠮᠤᠭ ᠤᠨ ᠲᠡᠷᠢᠭᠦᠨ ᠳᠤ | ᠰᠦᠯᠵᠢᠶ᠎ᠡ ᠪᠠᠷ ᠲᠤᠷᠰᠢᠨ ᠠᠵᠢᠯᠯᠠᠭᠤᠯᠪᠠ | | ᠮᠠᠨ ᠤ ᠣᠷᠣᠨ ᠡᠨᠧᠷᠭᠢ᠂ ᠤᠰᠤᠨ ᠠᠰᠢᠭᠯᠠᠯᠲᠠ᠂ ᠵᠠᠮ | ᠲᠡᠭᠡᠭᠡᠪᠦᠷᠢ ᠵᠡᠷᠭᠡ 3 ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠶᠢᠨ ᠬᠦᠷᠢᠶᠡᠨ ᠳᠠᠬᠢ ︽ᠨᠢᠭᠡ ᠯᠠ | ᠶᠠᠪᠤᠳᠠᠯ︾ ᠢ ᠪᠥᠬᠦ ᠤᠯᠤᠰ ᠲᠤ ᠬᠠᠮᠤᠭ ᠤᠨ ᠲᠡᠷᠢᠭᠦᠨ ᠳᠤ | ᠰᠦᠯᠵᠢᠶ᠎ᠡ ᠪᠠᠷ ᠲᠤᠷᠰᠢᠨ ᠠᠵᠢᠯᠯᠠᠭᠤᠯᠪᠠ᠃ ᠡᠨᠧᠷᠭᠢ ᠶᠢᠨ | ᠲᠠᠯ᠎ᠠ ᠪᠠᠷ᠂ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠤᠷᠢᠳᠠᠴᠢ ᠬᠢᠨᠠᠨ ᠵᠥᠪᠰᠢᠶᠡᠷᠡᠭᠦᠯᠬᠦ ᠳᠤ | ᠬᠤᠯᠪᠣᠭᠳᠠᠭᠰᠠᠨ 6 ᠰᠠᠯᠠᠭ᠎ᠠ ᠮᠥᠴᠢᠷ ᠤᠨ 19 ᠵᠦᠢᠯᠡᠰ ᠢ ︽ᠨᠢᠭᠡ | ᠯᠠ ᠶᠠᠪᠤᠳᠠᠯ︾ ᠪᠣᠯᠭᠠᠨ ᠨᠡᠶᠢᠳᠬᠡᠵᠦ᠂ ᠭᠦᠢᠴᠡᠳᠭᠡᠬᠦ ᠴᠠᠭ ᠢ | 193 ᠠᠵᠢᠯᠯᠠᠬᠤ ᠡᠳᠦᠷ ᠠᠴᠠ 35 ᠠᠵᠢᠯᠯᠠᠬᠤ ᠡᠳᠦᠷ ᠪᠣᠯᠭᠠᠨ | ᠪᠣᠭᠤᠨᠢᠰᠬᠠᠵᠤ᠂ ᠲᠤᠰᠢᠶᠠᠬᠤ ᠮᠠᠲ᠋ᠧᠷᠢᠶᠠᠯ ᠢ 66 ᠬᠤᠪᠢ | ᠪᠠᠶᠢᠭᠰᠠᠨ ᠠᠴᠠ 45 ᠬᠤᠪᠢ ᠪᠣᠯᠭᠠᠨ ᠴᠥᠬᠡᠳᠬᠡᠵᠦ᠂ | ᠭᠦᠢᠴᠡᠳᠭᠡᠬᠦ ᠭᠤᠭᠴᠤᠭ᠎ᠠ ᠶᠢ 19 ᠪᠠᠶᠢᠭᠰᠠᠨ ᠠᠴᠠ 2 ᠪᠣᠯᠭᠠᠨ | ᠪᠠᠭᠠᠰᠬᠠᠪᠠ᠃ ᠤᠰᠤᠨ ᠠᠰᠢᠭᠯᠠᠯᠲᠠ ᠶᠢᠨ ᠲᠠᠯ᠎ᠠ ᠪᠠᠷ᠂ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠰᠢᠯᠭᠠᠨ ᠠᠪᠬᠤ᠂ ᠳᠠᠩᠰᠠ | ᠡᠪᠬᠡᠮᠡᠯ ᠢ ᠰᠢᠯᠭᠠᠨ ᠠᠪᠬᠤ ᠵᠡᠷᠭᠡ 3 ᠵᠦᠢᠯᠡᠰ ᠢ | ᠨᠡᠶᠢᠳᠬᠡᠵᠦ᠂ ᠰᠢᠯᠭᠠᠨ ᠠᠪᠬᠤ ᠴᠠᠭ ᠢ 81 ᠠᠵᠢᠯᠯᠠᠬᠤ ᠡᠳᠦᠷ ᠠᠴᠠ | 60 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠲᠤᠰᠢᠶᠠᠬᠤ | ᠮᠠᠲ᠋ᠧᠷᠢᠶᠠᠯ ᠢ 12 ᠬᠤᠪᠢ ᠪᠠᠶᠢᠭᠰᠠᠨ ᠠᠴᠠ 9 ᠬᠤᠪᠢ ᠪᠣᠯᠭᠠᠨ | ᠴᠥᠬᠡᠳᠬᠡᠵᠦ᠂ ᠭᠦᠢᠴᠡᠳᠭᠡᠬᠦ ᠭᠤᠭᠴᠤᠭ᠎ᠠ ᠶᠢ 3 | ᠪᠠᠶᠢᠭᠰᠠᠨ ᠠᠴᠠ 1 ᠪᠣᠯᠭᠠᠨ ᠪᠠᠭᠠᠰᠬᠠᠪᠠ᠃ ᠵᠠᠮ | ᠲᠡᠭᠡᠭᠡᠪᠦᠷᠢ ᠶᠢᠨ ᠲᠠᠯ᠎ᠠ ᠪᠠᠷ᠂ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠷᠢᠯᠭ᠎ᠠ ᠶᠢᠨ ᠠᠵᠢᠯ ᠤᠨ ᠵᠥᠪᠰᠢᠶᠡᠷᠡᠯ᠂ ᠠᠭᠤᠷᠬᠠᠢ ᠶᠢᠨ | ᠪᠤᠯᠠᠭᠳᠠᠴᠠ ᠶᠢᠨ ᠬᠠᠶᠢᠨ ᠪᠠᠶᠢᠴᠠᠭᠠᠯᠲᠠ ᠵᠡᠷᠭᠡ 18 ᠬᠢᠨᠠᠨ | ᠵᠥᠪᠰᠢᠶᠡᠷᠡᠬᠦ ᠵᠦᠢᠯᠡᠰ ᠢ ︽ᠨᠢᠭᠡ ᠯᠠ ᠶᠠᠪᠤᠳᠠᠯ︾ ᠪᠣᠯᠭᠠᠨ | ᠨᠡᠶᠢᠳᠬᠡᠵᠦ᠂ ᠭᠦᠢᠴᠡᠳᠭᠡᠬᠦ ᠬᠤᠭᠤᠴᠠᠭ᠎ᠠ ᠶᠢ 169 ᠠᠵᠢᠯᠯᠠᠬᠤ | ᠡᠳᠦᠷ ᠪᠠᠶᠢᠭᠰᠠᠨ ᠠᠴᠠ 38 ᠠᠵᠢᠯᠯᠠᠬᠤ ᠡᠳᠦᠷ ᠪᠣᠯᠭᠠᠨ | ᠪᠣᠭᠤᠨᠢᠰᠬᠠᠵᠤ᠂ ᠲᠤᠰᠢᠶᠠᠬᠤ ᠮᠠᠲ᠋ᠧᠷᠢᠶᠠᠯ ᠢ 84 ᠬᠤᠪᠢ | ᠪᠠᠶᠢᠭᠰᠠᠨ ᠠᠴᠠ 67 ᠬᠤᠪᠢ ᠪᠣᠯᠭᠠᠨ ᠴᠥᠬᠡᠳᠬᠡᠵᠦ᠂ | ᠭᠦᠢᠴᠡᠳᠭᠡᠬᠦ ᠭᠤᠭᠴᠤᠭ᠎ᠠ ᠶᠢ 18 ᠪᠠᠶᠢᠭᠰᠠᠨ ᠠᠴᠠ 2 ᠪᠣᠯᠭᠠᠨ | ᠪᠠᠭᠠᠰᠬᠠᠪᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ | ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶ | | | |