ᠤᠯᠠᠭᠠᠨᠬᠠᠳᠠ ᠬᠣᠲᠠ ᠶᠢᠨ ᠠᠷᠠᠳ ᠤᠨ ᠵᠠᠰᠠᠭ ᠤᠨ ᠣᠷᠳᠣᠨ ᠤ ︽ᠤᠯᠠᠭᠠᠨᠬᠠᠳᠠ ᠬᠣᠲᠠ ᠶᠢᠨ ᠲᠥᠪ ᠬᠣᠲᠠ ᠶᠢᠨ ᠲᠣᠭᠣᠷᠢᠭ ᠤᠨ ᠲᠡᠦᠬᠡᠨ᠎ᠡ ᠦᠯᠡᠳᠡᠭᠳᠡᠵᠦ ᠢᠷᠡᠭᠰᠡᠨ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠭᠠᠵᠠᠷ ᠬᠥᠷᠥᠩᠭᠡ ᠶᠢᠨ ᠬᠤᠪᠢᠶᠠᠷᠢᠯᠠᠨ ᠦᠭᠭᠦᠭᠰᠡᠨ ᠭᠠᠵᠠᠷ ᠰᠢᠷᠤᠢ ᠶᠢ ᠬᠢᠮᠲᠠ ᠪᠠᠷ ᠬᠤᠳᠠᠯᠳᠤᠭᠰᠠᠨ ᠨᠥᠬᠦᠪᠥᠷᠢ ᠲᠤᠰᠢᠶᠠᠬᠤ ᠭᠠᠵᠠᠷ ᠰᠢᠷᠣᠢ ᠪᠣᠯᠭᠠᠵᠤ ᠬᠤᠪᠢᠷᠠᠭᠤᠯᠤᠭᠰᠠᠨ ᠨᠥᠬᠦᠪᠥᠷᠢ ᠮᠥᠩᠭᠦ ᠶᠢᠨ ᠠᠰᠠᠭᠤᠳᠠᠯ ᠢ ᠰᠢᠢᠳᠪᠦᠷᠢᠯᠡᠬᠦ ᠠᠷᠭ᠎ᠠ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/9/13
ᠬᠤᠩᠱᠠᠨ ᠲᠣᠭᠤᠷᠢᠭ᠂  ᠰᠥᠩᠱᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠣᠨ᠂ ᠬᠤᠲᠠ  ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠵᠥᠪᠯᠡᠯ ᠠᠯᠪᠠᠨ ᠬᠡᠷ ᠲᠣᠪᠴᠢᠶ᠎ᠠ ᠳᠤ᠄      ᠬᠤᠲᠠ  ᠶᠢᠨ ᠠᠷᠠᠳ  ᠤᠨ ᠵᠠᠰᠠᠭ ᠤᠨ ᠣᠷᠳᠣᠨ  ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠬᠠᠳᠠ ᠬᠣᠲᠠ  ᠶᠢᠨ ᠲᠥᠪ ᠬᠣᠲᠠ ᠶᠢᠨ ᠲᠣᠭᠣᠷᠢᠭ ᠤᠨ ᠲᠡᠦᠬᠡᠨ᠎ᠡ ᠦᠯᠡᠳᠡᠭᠳᠡᠵᠦ ᠢᠷᠡᠭᠰᠡᠨ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠭᠠᠵᠠᠷ ᠬᠥᠷᠥᠩᠭᠡ ᠶᠢᠨ ᠬᠤᠪᠢᠶᠠᠷᠢᠯᠠᠨ ᠦᠭᠭᠦᠭᠰᠡᠨ ᠭᠠᠵᠠᠷ ᠰᠢᠷᠤᠢ ᠶᠢ ᠬᠢᠮᠲᠠ ᠪᠠᠷ ᠬᠤᠳᠠᠯᠳᠤᠭᠰᠠᠨ ᠨᠥᠬᠦᠪᠥᠷᠢ ᠲᠤᠰᠢᠶᠠᠬᠤ ᠭᠠᠵᠠᠷ ᠰᠢᠷᠣᠢ  ᠪᠣᠯᠭᠠᠵᠤ ᠬᠤᠪᠢᠷᠠᠭᠤᠯᠤᠭᠰᠠᠨ ᠨᠥᠬᠦᠪᠥᠷᠢ ᠮᠥᠩᠭᠦ ᠶᠢᠨ ᠠᠰᠠᠭᠤᠳᠠᠯ  ᠢ ᠰᠢᠢᠳᠪᠦᠷᠢᠯᠡᠬᠦ ᠠᠷᠭ᠎ᠠ ︾ ᠶᠢ ᠲᠠ ᠨᠠᠷ ᠲᠤ ᠳᠠᠷᠤᠮᠠᠯᠯᠠᠨ ᠲᠠᠷᠬᠠᠭᠠᠪᠠ᠂ ᠪᠣᠳᠠᠲᠠᠢ ᠲᠠᠢ ᠪᠠᠨ ᠤᠶᠠᠯᠳᠤᠭᠤᠯᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                                    2024 ᠣᠨ ᠤ 7 ᠰᠠᠷ᠎ᠠ ᠶᠢᠨ 23 ᠤ ᠡᠳᠦᠷ︵ᠲᠤᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶          ᠤᠯᠠᠭᠠᠨᠬᠠᠳᠠ ᠬᠣᠲᠠ ᠶᠢᠨ ᠲᠥᠪ ᠬᠣᠲᠠ ᠶᠢᠨ ᠲᠣᠭᠣᠷᠢᠭ ᠤᠨ ᠲᠡᠦᠬᠡᠨ᠎ᠡ ᠦᠯᠡᠳᠡᠭᠳᠡᠵᠦ ᠢᠷᠡᠭᠰᠡᠨ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠭᠠᠵᠠᠷ ᠬᠥᠷᠥᠩᠭᠡ ᠶᠢᠨ ᠬᠤᠪᠢᠶᠠᠷᠢᠯᠠᠨ ᠦᠭᠭᠦᠭᠰᠡᠨ ᠭᠠᠵᠠᠷ ᠰᠢᠷᠤᠢ ᠶᠢ ᠬᠢᠮᠲᠠ ᠪᠠᠷ ᠬᠤᠳᠠᠯᠳᠤᠭᠰᠠᠨ ᠨᠥᠬᠦᠪᠥᠷᠢ ᠲᠤᠰᠢᠶᠠᠬᠤ ᠭᠠᠵᠠᠷ ᠰᠢᠷᠣᠢ ᠪᠣᠯᠭᠠᠵᠤ ᠬᠤᠪᠢᠷᠠᠭᠤᠯᠤᠭᠰᠠᠨ ᠨᠥᠬᠦᠪᠥᠷᠢ ᠮᠥᠩᠭᠦ ᠶᠢᠨ ᠠᠰᠠᠭᠤᠳᠠᠯ  ᠢ ᠰᠢᠢᠳᠪᠦᠷᠢᠯᠡᠬᠦ ᠠᠷᠭ᠎ᠠ      ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠡᠦᠬᠡᠨ᠎ᠡ ᠦᠯᠡᠳᠡᠭᠳᠡᠵᠦ ᠢᠷᠡᠭᠰᠡᠨ ᠠᠰᠠᠭᠤᠳᠠᠯ ᠤᠳ ᠢ ᠲᠦᠷᠭᠡᠳᠬᠡᠨ ᠰᠢᠢᠳᠪᠦᠷᠢᠯᠡᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ  ᠤ ᠮᠡᠳᠡᠭᠳᠡᠯ︾ ︵ ᠪᠠᠶᠢᠭᠠᠯᠢ ᠶᠢᠨ ᠡᠳ᠋ ᠬᠥᠷᠥᠩᠭᠡ ᠲᠠᠷᠬᠠᠭᠠᠭᠰᠠᠨ ﹇2011﹈ 1 ᠳ᠋ᠦ᠋ᠭᠡᠷ ᠲᠣᠭᠠᠲᠤ︶᠂ ︽ᠬᠤᠲᠠ ᠪᠠᠯᠭᠠᠰᠤ ᠶᠢᠨ ᠤᠯᠤᠰ ᠤᠨ ᠥᠮᠴᠢᠯᠡᠯᠲᠦ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢ ᠳᠠᠩᠰᠠᠯᠠᠬᠤ ᠵᠡᠷᠭᠡ ᠲᠡᠦᠬᠡᠨ᠎ᠡ ᠦᠯᠡᠳᠡᠭᠳᠡᠵᠦ ᠢᠷᠡᠭᠰᠡᠨ ᠠᠰᠠᠭᠤᠳᠠᠯ  ᠢ ᠲᠣᠬᠢᠲᠠᠢ ᠰᠢᠢᠳᠪᠦᠷᠢᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 95 ᠳ᠋ᠤᠭᠠᠷ ᠲᠣᠭᠠᠲᠤ︶᠂ ︽ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠪᠠᠷᠢᠴᠠᠭᠠᠯᠠᠬᠤ ᠬᠤᠶᠠᠳᠤᠭᠠᠷ ᠳᠡᠰ ᠤᠨ ᠵᠠᠬ᠎ᠠ ᠳᠡᠯᠭᠡᠭᠦᠷ ᠢ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2011﹈ 4 ᠳ᠋ᠦ᠋ᠭᠡᠷ ᠲᠣᠭᠠᠲᠤ︶᠂ ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2012﹈ 391 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠣᠲᠠ ᠶᠢᠨ ᠲᠥᠪ ᠪᠤᠰᠤ ᠭᠡᠷ ᠪᠠᠶᠢᠰᠢᠩ ᠭᠠᠵᠠᠷ ᠰᠢᠷᠣᠢ ᠳᠡᠭᠡᠷᠡᠬᠢ ᠣᠷᠣᠨ ᠰᠠᠭᠤᠴᠠ ᠶᠢ ᠬᠤᠪᠢᠶᠠᠷᠢᠯᠠᠨ ᠰᠠᠯᠭᠠᠵᠤ ᠦᠭᠭᠦᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠮᠠᠨ ᠤ ᠬᠣᠲᠠ ᠶᠢᠨ ᠨᠡᠶᠢᠭᠡᠮ ᠦᠨ ᠡᠶ᠎ᠡ ᠵᠣᠬᠢᠴᠠᠯ ᠲᠠᠢ ᠪᠠᠶᠢᠬᠤ ᠶᠢ ᠬᠠᠮᠠᠭᠠᠯᠠᠬᠤ ᠶᠢᠨ ᠲᠤᠰᠠᠳᠠ᠂ ᠲᠤᠰ ᠠᠷᠭ᠎ᠠ ᠶᠢ ᠲᠣᠭᠲᠠᠭᠠᠪᠠ᠃        ᠨᠢᠭᠡ᠂ ᠦᠨᠳᠦᠰᠦᠨ ᠵᠠᠷᠴᠢᠮ      ︵ᠨᠢᠭᠡ︶ ᠲᠡᠦᠬᠡ ᠶᠢ ᠬᠦᠨᠳᠦᠳᠭᠡᠵᠦ ᠦᠨᠡᠨ ᠠᠴᠠ ᠵᠥᠪ ᠢ  ᠨᠢ ᠡᠷᠢᠯᠬᠢᠯᠡᠬᠦ ᠬᠡᠷᠡᠭᠲᠡᠢ ᠃ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠠᠵᠢᠯᠯᠠᠭ᠎ᠠ ᠶᠢᠨ ᠪᠣᠳᠠᠲᠠᠢ ᠡᠭᠦᠰᠬᠦ ᠦᠶ᠎ᠡ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠵᠢᠴᠢ ᠮᠠᠨ ᠤ ᠬᠤᠲᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠵᠤ᠂ ᠲᠡᠦᠬᠡ ᠶᠢ ᠬᠦᠨᠳᠦᠳᠬᠡᠨ᠂ ᠪᠣᠳᠠᠲᠤ ᠪᠠᠶᠢᠳᠠᠯ ᠳᠤ ᠬᠠᠨᠳᠤᠵᠤ᠂ ᠦᠨᠡᠨ ᠠᠴᠠ ᠵᠥᠪ ᠢ ᠡᠷᠢᠵᠦ᠂ ᠲᠣᠬᠢᠲᠠᠢ  ᠰᠢᠢᠳᠪᠦᠷᠢᠯᠡᠬᠦ ᠬᠡᠷᠡᠭᠲᠡᠢ ᠃      ︵ᠬᠤᠶᠠᠷ︶ ᠠᠷᠠᠳ ᠲᠤ ᠠᠰᠢᠭᠲᠠᠶ᠂ ᠥᠨᠳᠥᠷ ᠪᠦᠲᠦᠮᠵᠢᠲᠡᠶ ᠪᠥᠭᠡᠳ ᠪᠣᠳᠠᠲᠠᠶ ᠶᠢ ᠡᠷᠬᠢᠮᠯᠡᠬᠦ ᠬᠡᠷᠡᠭᠲᠡᠢ ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠨ ᠂ ᠣᠯᠠᠨ ᠲᠦᠮᠡᠨ ᠤ ᠲᠤᠯᠭᠠᠮ᠎ᠠ ᠬᠡᠷᠡᠭᠴᠡᠭᠡ ᠶᠢ ᠪᠣᠳᠣᠯᠬᠢᠯᠠᠵᠤ᠂ ᠭᠤᠤᠯ ᠪᠠ ᠲᠡᠳ᠋ ᠵᠥᠷᠢᠴᠡᠯ ᠢ ᠡᠵᠡᠮᠰᠢᠨ᠂ ᠤᠯᠤᠰ᠂ ᠬᠠᠮᠲᠤ ᠨᠡᠶᠢᠲᠡ ᠪᠣᠯᠤᠨ ᠣᠯᠠᠨ ᠲᠦᠮᠡᠨ ᠤ ᠠᠰᠢᠭ ᠲᠤᠰᠠ ᠶᠢᠨ ᠬᠠᠷᠢᠴᠠᠭ᠎ᠠ ᠶᠢ ᠲᠣᠬᠢᠲᠠᠶ ᠰᠠᠶᠢᠲᠤᠷ ᠰᠢᠢᠳᠪᠦᠷᠢᠯᠡᠵᠦ ᠂ ᠠᠷᠠᠳ ᠲᠤ ᠠᠰᠢᠭ ᠬᠦᠷᠲᠡᠭᠡᠵᠦ᠂ ᠣᠯᠠᠨ ᠲᠦᠮᠡᠨ ᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠢ ᠭᠦᠢᠴᠡᠳᠬᠡᠬᠦ ᠳᠤ ᠳᠥᠭᠦᠮ ᠦᠵᠡᠭᠦᠯᠬᠦ ᠬᠡᠷᠡᠭᠲᠡᠢ ᠃      ︵ᠭᠤᠷᠪᠠ︶ ᠴᠤᠪᠤᠷᠠᠯ ᠢ ᠰᠢᠯᠢᠳᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠡᠷᠬᠡ ᠲᠡᠭᠰᠢ᠂ ᠲᠥᠪ ᠭᠤᠣᠯᠴᠢ ᠶᠢ ᠪᠠᠲᠤᠯᠠᠭᠰᠠᠨ ᠤᠷᠢᠲᠠᠯ ᠳᠣᠣᠷ᠎ᠠ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠦᠢᠴᠡᠳᠬᠡᠬᠦ ᠶᠠᠪᠤᠴᠠ ᠶᠢ ᠰᠢᠯᠢᠳᠡᠭᠵᠢᠬᠦᠯᠪᠡ᠃ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠮᠥᠩᠭᠦ ᠶᠢ ᠨᠥᠬᠦᠵᠦ ᠲᠤᠰᠢᠶᠠᠬᠤ ᠶᠢᠨ ᠦᠨᠡᠯᠡᠨ ᠵᠢᠱᠢᠬᠦ᠂ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠲᠥᠰᠦᠯ ᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠵᠦᠢᠯ ᠤᠳ ᠢ ᠰᠢᠯᠢᠳᠡᠭᠵᠢᠭᠦᠯᠬᠦ ᠬᠡᠷᠡᠭᠲᠡᠶ᠃      ᠬᠤᠶᠠᠷ᠂ ᠬᠡᠷᠡᠭᠯᠡᠬᠦ ᠬᠡᠪᠴᠢᠶ᠎ᠡ           ︵ᠨᠢᠭᠡ︶ 2017 ᠣᠨ ᠤ 3 ᠰᠠᠷ᠎ᠠ ᠶᠢᠨ 1 ᠤ ᠡᠳᠦᠷ ᠠᠴᠠ ᠡᠮᠦᠨ᠎ᠡ᠂ ᠤᠯᠠᠭᠠᠨᠬᠠᠳᠠ ᠬᠤᠲᠠ ᠶᠢᠨ ᠬᠤᠲᠠ ᠶᠢᠨ ᠶᠡᠷᠦᠩᠬᠡᠢ ᠲᠥᠯᠥᠪᠵᠢᠭᠦᠯᠭᠡ ᠳᠤ ᠲᠣᠭᠲᠠᠭᠠᠭᠰᠠᠨ ᠭᠤᠣᠯ ᠬᠤᠲᠠ ᠲᠣᠭᠤᠷᠢᠭ ︵ᠬᠠᠷᠠᠴᠢᠨ ᠬᠣᠰᠢᠭᠣᠨ ᠤ ᠾᠧ ᠮᠧᠢ ᠬᠦᠷᠢᠶᠡᠯᠡᠩ ᠲᠣᠭᠤᠷᠢᠭ᠂ ᠶᠤᠸᠠᠨ ᠪᠦᠦ ᠱᠠᠨ ᠲᠣᠭᠤᠷᠢᠭ ᠤᠨ ᠮᠠ ᠯᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠᠭᠲᠠᠬᠤ ᠦᠭᠡᠢ᠃︶ ᠬᠦᠷᠢᠶ᠎ᠡ ᠬᠡᠪᠴᠢᠶᠡᠨ ᠳᠣᠲᠣᠷ᠎ᠠ᠂ ᠬᠤᠪᠢᠶᠠᠷᠢᠯᠠᠨ ᠥᠭᠭᠦᠭᠰᠡᠨ ᠣᠷᠣᠨ ᠰᠠᠭᠤᠴᠠ ᠶᠢᠨ ᠪᠤᠰᠤ ᠭᠠᠵᠠᠷ ᠳᠡᠭᠡᠷ᠎ᠡ ᠨᠢᠭᠡᠨᠲᠡ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠣᠯᠤᠭᠰᠠᠨ ᠬᠥᠮᠦᠨ ᠪᠤᠶᠤ ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠲᠣᠭᠲᠠᠭᠠᠭᠰᠠᠨ ᠰᠢᠯᠵᠢᠭᠦᠯᠦᠨ ᠠᠪᠤᠭᠰᠠᠨ ᠭᠡᠷ ᠪᠠᠶᠢᠰᠢᠩ ᠤᠨ ᠡᠷᠬᠡᠲᠦ ᠬᠥᠮᠦᠨ᠂ ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠤᠭᠴᠠᠵᠢᠭᠤᠯᠤᠭᠰᠠᠨ ᠵᠠᠷᠴᠢᠮ ᠶᠣᠰᠣᠭᠠᠷ᠂ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠲᠣᠬᠢᠷᠠᠯᠴᠠᠭᠰᠠᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠲᠣᠬᠢᠷᠠᠯᠴᠠᠬᠤ ᠭᠠᠷᠳᠠᠮ ᠢ ᠦᠨᠡᠨᠬᠦ ᠨᠥᠬᠦᠵᠦ ᠭᠦᠢᠴᠡᠳᠬᠡᠬᠦ ᠴᠢᠬᠤᠯᠠᠲᠠᠶ ᠪᠣᠯ ᠲᠡᠦᠬᠡᠨ ᠦᠯᠡᠳᠡᠭᠳᠡᠯ ᠠᠰᠠᠭᠤᠳᠠᠯ ᠪᠣᠯᠭᠠᠨ ᠲᠤᠰ ᠠᠷᠭ᠎ᠠ  ᠶᠢ ᠬᠡᠷᠡᠭᠵᠢᠭᠦᠯᠦᠨ᠎ᠡ ᠃ ᠡᠭᠦᠨ ᠳᠤ ᠭᠤᠤᠯᠳᠠᠭᠤ ᠪᠠᠭᠲᠠᠬᠤ ᠨᠢ᠄1. ᠳᠠᠮᠫᠤᠷᠠᠭᠰᠠᠨ ᠠᠵᠤ ᠠᠬᠤᠶᠢᠯᠠᠯ ᠤᠨ ᠭᠡᠷ ᠪᠠᠶᠢᠰᠢᠩ ᠢ ᠰᠢᠢᠳᠪᠦᠷᠢᠯᠡᠬᠦ ᠪᠠᠷ ᠳᠠᠮᠵᠢᠭᠤᠯᠤᠨ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠣᠯᠤᠭᠰᠠᠨ᠂ ᠭᠠᠵᠠᠷ ᠰᠢᠷᠣᠶ ᠬᠡᠷᠡᠭᠯᠡᠬᠦ ᠡᠷᠬᠡ ᠶᠢ ᠬᠢᠮᠳᠠ ᠪᠠᠷ ᠬᠤᠳᠠᠯᠳᠤᠬᠤ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠭᠰᠠᠨ ᠪᠠᠶᠢᠬᠤ ᠬᠡᠷᠡᠭᠲᠡᠢ ᠃2. ᠤᠤᠯ ᠤᠨ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠬᠦ᠂ ᠬᠦᠴᠦᠨ ᠦᠭᠡᠶ ᠪᠣᠯᠭᠠᠬᠤ ᠪᠠ ᠣᠯᠠᠨ ᠤᠳᠠᠭ᠎ᠠ ᠰᠢᠯᠵᠢᠭᠦᠯᠦᠨ ᠥᠭᠬᠦ ᠵᠡᠷᠭᠡ ᠰᠢᠯᠲᠠᠭᠠᠨ ᠠᠴᠠ ᠪᠣᠯᠵᠤ ᠭᠤᠶᠤᠴᠢᠯᠠᠯ ᠭᠠᠷᠭᠠᠵᠤ ᠳᠡᠶᠢᠯᠬᠦ ᠦᠭᠡᠶ ᠪᠠᠶᠢᠲᠠᠯ᠎ᠠ ᠣᠳᠣ ᠶᠢᠨ ᠭᠡᠷ ᠪᠠᠶᠢᠰᠢᠩ ᠤᠨ ᠥᠮᠴᠢᠯᠡᠬᠦ ᠡᠷᠬᠡᠲᠦ ᠬᠥᠮᠦᠨ ᠤ ᠨᠢᠭᠡ ᠡᠲᠡᠭᠡᠳ ᠨᠢ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠲᠤᠰᠠᠭᠠᠷ ᠨᠢ ᠭᠤᠶᠤᠴᠢᠯᠠᠨ ᠭᠦᠢᠴᠡᠳᠬᠡᠭᠰᠡᠨ ᠪᠠᠶᠢᠬᠤ ᠬᠡᠷᠡᠭᠲᠡᠢ᠃3. ᠰᠢᠭᠦᠬᠦ ᠬᠤᠷᠢᠶ᠎ᠠ ᠪᠠᠷ ᠬᠢᠨᠠᠨ ᠲᠣᠭᠲᠠᠭᠠᠯᠭᠠᠭᠰᠠᠨ ᠪᠤᠶᠤ ᠦᠨ᠎ᠡ ᠬᠠᠶᠠᠨ ᠬᠤᠳᠠᠯᠳᠤᠭᠠᠳ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠡᠭᠡᠷᠡᠬᠢ ᠥᠮᠴᠢᠯᠡᠬᠦ ᠡᠷᠬᠡ ᠲᠠᠢ ᠬᠥᠮᠦᠨ ᠪᠤᠶᠤ ᠰᠢᠯᠵᠢᠭᠦᠯᠦᠨ ᠠᠪᠤᠭᠴᠢ ᠳᠤ ᠭᠠᠵᠠᠷ ᠰᠢᠷᠣᠶ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠵᠦ ᠭᠦᠢᠴᠡᠳᠬᠡᠯᠭᠡᠬᠦ ᠪᠠᠷ ᠭᠤᠶᠤᠴᠢᠯᠠᠭᠰᠠᠨ ᠪᠠᠶᠢᠬᠤ ᠬᠡᠷᠡᠭᠲᠡᠢ᠃4. ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠡᠭᠡᠷ᠎ᠡ ᠨᠢᠭᠡᠨᠲᠡ ᠰᠠᠯᠭᠠᠵᠤ ᠳᠠᠩᠰᠠᠯᠠᠭᠤᠯᠤᠭᠰᠠᠨ ᠭᠡᠷ ᠪᠠᠶᠢᠰᠢᠩ ᠢ ᠤᠯᠤᠰ ᠤᠨ ᠥᠮᠴᠢᠯᠡᠯᠲᠦ ᠡᠳ᠋ ᠬᠥᠷᠥᠩᠭᠡ ᠪᠣᠯᠭᠠᠨ ᠬᠤᠪᠢᠶᠠᠷᠢᠯᠠᠨ ᠰᠢᠯᠵᠢᠭᠦᠯᠵᠦ᠂ ᠬᠤᠪᠢᠶᠠᠷᠢᠯᠠᠨ ᠰᠢᠯᠵᠢᠭᠦᠯᠦᠭᠰᠡᠨ ᠤ ᠳᠠᠷᠠᠭ᠎ᠠ ᠭᠠᠵᠠᠷ ᠰᠢᠷᠣᠶ ᠶᠢᠨ ᠬᠡᠷᠡᠭᠴᠡᠭᠡ ᠨᠢ ︽ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠬᠠᠭᠤᠳᠠᠰᠦ ︾  ᠳᠤ ᠨᠡᠶᠢᠴᠡᠬᠦ ᠦᠭᠡᠶ᠂ ᠡᠳ᠋ ᠬᠥᠷᠥᠩᠭᠡ ᠨᠢ ᠰᠢᠯᠵᠢᠭᠦᠯᠦᠨ ᠣᠷᠣᠭᠤᠯᠤᠭᠰᠠᠨ ᠨᠢᠭᠡᠴᠢ ᠶᠢᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠭᠰᠠᠨ ᠪᠠᠶᠢᠬᠤ ᠬᠡᠷᠡᠭᠲᠡᠢ ᠃5. ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠰᠢᠢᠳᠪᠦᠷᠢᠯᠡᠬᠦ  ᠪᠠᠷ ᠳᠠᠮᠵᠢᠨ ᠣᠯᠤᠭᠰᠠᠨ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠢ ᠭᠡᠷ ᠪᠠᠶᠢᠰᠢᠩ ᠰᠢᠯᠵᠢᠭᠦᠯᠦᠨ ᠠᠪᠤᠭᠴᠢ ᠭᠠᠵᠠᠷ ᠰᠢᠷᠣᠶ ᠶᠢᠨ ᠬᠡᠷᠡᠭᠯᠡᠯᠲᠡ ᠶᠢᠨ ᠡᠷᠬᠡ ᠶᠢ ᠬᠢᠮᠳᠠ ᠪᠠᠷ ᠬᠤᠳᠠᠯᠳᠤᠬᠤ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠭᠰᠠᠨ ᠪᠠᠶᠢᠬᠤ ᠬᠡᠷᠡᠭᠲᠡᠢ ᠃6. ᠪᠤᠰᠤᠳ ᠲᠡᠤᠬᠡ ᠶᠢᠨ ᠰᠢᠯᠲᠠᠭᠠᠨ ᠠᠴᠠ ᠪᠣᠯᠵᠣ ᠬᠤᠪᠢᠶᠠᠷᠢᠯᠠᠨ ᠥᠭᠬᠦ ᠨᠥᠬᠦᠴᠡᠯ ᠳᠤ ᠨᠡᠶᠢᠴᠡᠬᠦ ᠥᠬᠡᠶ ᠪᠣᠯ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠨ ᠭᠦᠢᠴᠡᠳᠬᠡᠬᠦ ᠴᠢᠬᠤᠯᠠᠲᠠᠶ ᠃      ︵ᠬᠤᠶᠠᠷ︶ ᠳᠣᠤᠷᠠᠬᠢ ᠪᠠᠶᠢᠳᠠᠯ ᠳᠤ ᠲᠤᠰ ᠠᠷᠭ᠎ᠠ ᠶᠢ ᠬᠡᠷᠡᠭᠯᠡᠬᠦ ᠦᠭᠡᠶ᠂ ᠨᠢᠭᠡᠨᠲᠡ ᠪᠠᠶᠢᠭ᠎ᠠ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠬᠦ ᠬᠡᠷᠡᠭᠲᠡᠶ᠃1. ᠬᠤᠪᠢᠶᠠᠷᠢᠯᠠᠨ ᠥᠭᠭᠦᠭᠰᠡᠨ ᠣᠷᠣᠨ ᠰᠠᠭᠤᠴᠠ ᠶᠢᠨ ᠬᠡᠷᠡᠭᠯᠡᠬᠦ ᠭᠠᠵᠠᠷ ᠳᠡᠭᠡᠷᠡᠬᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠣᠷᠣᠨ ᠰᠠᠭᠤᠴᠠ ᠶᠢᠨ ᠪᠤᠰᠤ ᠭᠡᠷ ᠪᠠᠶᠢᠰᠢᠩ ᠢᠶᠠᠷ ᠲᠡᠮᠳᠡᠭᠯᠡᠭᠦᠯᠬᠦ ᠳᠤ᠂ ᠤᠤᠯ ᠤᠨ ᠬᠤᠪᠢᠶᠠᠷᠢᠯᠠᠨ ᠥᠭᠭᠦᠭᠰᠡᠨ ᠬᠡᠷᠡᠭᠴᠡᠭᠡ ᠪᠠ ᠤᠤᠯ ᠤᠨ ᠭᠡᠷ ᠪᠠᠶᠢᠰᠢᠩ ᠢ ᠳᠠᠩᠰᠠᠯᠠᠨ ᠲᠡᠮᠳᠡᠭᠯᠡᠭᠰᠡᠨ ᠬᠡᠷᠡᠭᠴᠡᠭᠡ ᠪᠠᠷ ᠦᠨᠡᠨ ᠪᠣᠳᠠᠲᠠᠶ ᠡᠷᠬᠡᠲᠦ ᠬᠥᠮᠦᠨ ᠢᠶᠠᠷ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠢ ᠭᠦᠢᠴᠡᠳᠬᠡᠬᠦ ᠬᠡᠷᠡᠭᠲᠡᠢ ᠃2. ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠨᠢᠭᠡᠳᠦᠯᠲᠡᠶ ᠳᠠᠩᠰᠠᠯᠠᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠤᠯᠤᠰ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ︾ ︵ᠤᠯᠤᠰ ᠤᠨ ᠬᠠᠮᠢᠶᠠᠷᠤᠯᠲᠠ ᠶᠢᠨ ᠬᠡᠷ ᠪᠠᠶᠢᠰᠢᠩ ᠭᠠᠵᠠᠷ ᠰᠢᠷᠣᠶ︹2020︺267 ᠳ᠋ᠤᠭᠠᠷ ᠲᠣᠭᠠᠲᠤ︶ ᠪᠠ ︽ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠨᠢᠭᠡᠳᠦᠯᠲᠡᠶ ᠳᠠᠩᠰᠠᠯᠠᠬᠤ ᠲᠤᠬᠠᠶ ᠡᠳ᠋ ᠤᠨ ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠡᠳ᠋ ᠭᠠᠶᠢᠯᠢ ︹2020︺40 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠬᠠᠷᠢᠶᠠᠯᠠᠭᠳᠠᠬᠤ ᠭᠠᠵᠠᠷ ᠰᠢᠷᠣᠶ ᠪᠤᠶᠤ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠨᠢ ᠡᠵᠡᠩᠨᠡᠯᠲᠡ ᠶᠢᠨ ᠴᠢᠨᠠᠷᠲᠠᠶ ᠬᠡᠷᠡᠭᠴᠡᠭᠡ ᠱᠠᠭᠠᠷᠳᠠᠯᠭ᠎ᠠ ᠲᠠᠢ ᠪᠣᠯ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠷᠬᠡ ᠶᠢᠨ ᠬᠠᠷᠢᠶᠠᠯᠠᠯ ᠢ ᠨᠢᠭᠡᠳᠦᠯᠲᠡᠶ ᠲᠡᠮᠳᠡᠭᠯᠡᠬᠦ ᠦᠶ᠎ᠡ ᠳᠤ ᠭᠠᠵᠠᠷ ᠰᠢᠷᠣᠶ ᠳᠤ ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠦᠯᠡᠳᠡᠭᠡᠵᠦ᠂ ᠦᠷᠭᠦᠯᠵᠢᠯᠡᠨ ᠤᠤᠯ ᠤᠨ ᠲᠡᠮᠳᠡᠭᠯᠡᠭᠰᠡᠨ ᠬᠡᠷ ᠪᠠᠶᠢᠰᠢᠩ᠂ ᠭᠠᠵᠠᠷ ᠰᠢᠷᠣᠶ ᠶᠢᠨ ᠬᠡᠷᠡᠭᠴᠡᠭᠡ ᠪᠠᠷ ᠳᠠᠩᠰᠠᠯᠠᠭᠤᠯᠪᠠ᠃ ᠡᠷᠬᠡ ᠶᠢᠨ ᠬᠠᠷᠢᠶ᠎ᠠ ᠶᠢ ᠨᠢᠭᠡᠳᠦᠯᠲᠡᠶ ᠳᠠᠩᠰᠠᠯᠠᠬᠤ ᠶᠢ ᠪᠡᠶᠡᠯᠡᠭᠦᠯᠦᠭᠰᠡᠨ ᠭᠠᠵᠠᠷ ᠰᠢᠷᠣᠶ ᠳᠡᠭᠡᠷᠡᠬᠢ ᠡᠵᠡᠩᠨᠡᠯᠲᠡ ᠶᠢᠨ ᠪᠤᠰᠤ ᠴᠢᠨᠠᠷᠲᠠᠶ ᠭᠡᠷ ᠪᠠᠶᠢᠰᠢᠩ ᠤᠨ ᠡᠷᠬᠡ ᠠᠰᠢᠭ ᠨᠢ ᠰᠢᠯᠵᠢᠭᠰᠡᠨ ᠦᠶ᠎ᠡ ᠳᠤ᠂ ᠲᠤᠰ ᠠᠷᠭ᠎ᠠ ᠶᠢᠨ ᠶᠣᠰᠣᠭᠠᠷ ᠭᠠᠵᠠᠷ ᠰᠢᠷᠣᠶ ᠬᠤᠳᠠᠯᠳᠤᠭᠰᠠᠨ ᠮᠥᠩᠭᠦ ᠶᠢ ᠨᠢ ᠨᠥᠬᠦᠵᠦ  ᠲᠤᠰᠢᠶᠠᠭᠰᠠᠨ ᠪᠠᠶᠢᠬᠤ ᠬᠡᠷᠡᠭᠲᠡᠢ᠃       ᠭᠤᠷᠪᠠ᠂ ᠰᠢᠢᠳᠪᠦᠷᠢᠯᠡᠬᠦ ᠠᠷᠭ᠎ᠠ      ︵ᠨᠢᠭᠡ︶ ᠭᠠᠵᠠᠷ ᠰᠢᠷᠤᠢ ᠶᠢᠨ ᠡᠷᠬᠡ ᠶᠢᠨ ᠬᠠᠷᠢᠶᠠᠯᠠᠯ ᠤᠨ ᠲᠠᠯᠠᠪᠠᠢ ᠶᠢ ᠳᠤᠭᠲᠠᠭᠠᠬᠤᠴᠡᠭᠴᠡᠯᠡᠨ ᠬᠤᠪᠢᠶᠠᠷᠢᠯᠠᠵᠤ ᠥᠭᠭᠦᠭᠰᠡᠨ ᠭᠠᠵᠠᠷ ᠰᠢᠷᠣᠶ ᠶᠢ ᠰᠢᠯᠵᠢᠭᠦᠯᠦᠨ ᠥᠭᠬᠦ ᠨᠥᠬᠦᠴᠡᠯ ᠳᠤ ᠨᠡᠶᠢᠴᠡᠬᠦ ᠪᠣᠯᠪᠠᠴᠤ ᠡᠷᠬᠡᠲᠦ ᠬᠥᠮᠦᠨ᠂ ᠬᠡᠷᠡᠭᠯᠡᠯᠲᠡ ᠨᠢ ᠨᠢᠭᠡᠳᠦᠯᠲᠡᠶ ᠪᠤᠰᠤ ᠪᠠᠶᠢᠪᠠᠯ᠂ ᠵᠠᠷᠴᠢᠮ ᠳᠡᠭᠡᠷ᠎ᠡ ᠪᠠᠨ ᠬᠠᠮᠲᠤ ᠪᠠᠷ ᠬᠡᠷᠡᠭᠯᠡᠬᠦ ᠬᠡᠰᠡᠭ ᠭᠠᠵᠠᠷ ᠶᠣᠰᠣᠭᠠᠷ ᠰᠢᠢᠳᠪᠦᠷᠢᠯᠡᠬᠦ ᠶᠢᠨ ᠬᠠᠮᠲᠤ ᠭᠡᠷ ᠪᠠᠶᠢᠰᠢᠩ ᠳᠠᠩᠰᠠᠯᠠᠭᠰᠠᠨ ᠪᠠᠷᠢᠯᠭ᠎ᠠ ᠶᠢᠨ ᠲᠠᠯᠠᠪᠠᠶ ᠶᠢ ᠦᠨᠳᠦᠰᠦᠯᠡᠨ ᠭᠠᠵᠠᠷ ᠰᠢᠷᠣᠶ ᠶᠢᠨ ᠲᠠᠯᠠᠪᠠᠶ ᠶᠢ ᠨᠢ ᠲᠣᠭᠠᠴᠠᠨ ᠪᠣᠳᠣᠵᠤ ᠲᠡᠰᠬᠡᠨ ᠨᠣᠭᠳᠠᠭᠤᠯᠬᠤ ᠬᠡᠷᠡᠭᠲᠡᠶ᠃ᠬᠤᠪᠢᠶᠠᠷᠢᠯᠠᠨ ᠥᠭᠭᠦᠭᠰᠡᠨ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯᠯᠠᠬᠤ ᠵᠡᠷᠭᠡ ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠳᠡᠭᠡᠷᠡᠬᠢ ᠭᠡᠷ ᠪᠠᠶᠢᠰᠢᠩ ᠨᠢ ᠨᠢᠭᠡᠨᠲᠡ ᠭᠡᠷ ᠪᠠᠶᠢᠰᠢᠩ ᠳᠠᠩᠰᠠᠯᠠᠭᠤᠯᠬᠤ ᠪᠠᠨ ᠬᠤᠳᠠᠯᠳᠤᠭ᠎ᠠ᠂ ᠣᠷᠣᠨ ᠰᠠᠭᠤᠴᠠ ᠵᠡᠷᠭᠡ ᠬᠡᠷᠡᠭᠴᠡᠭᠡ ᠳᠤ ᠬᠡᠷᠡᠭᠯᠡᠬᠦ ᠪᠠᠷ ᠳᠠᠩᠰᠠᠯᠠᠭᠤᠯᠵᠤ᠂ ᠭᠠᠵᠠᠷ ᠰᠢᠷᠣᠶ ᠶᠢ ᠰᠠᠯᠭᠠᠬᠤ ᠴᠢᠬᠤᠯᠠᠲᠠᠶ ᠪᠠᠶᠢᠪᠠᠯ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠠᠮᠤᠷ ᠲᠦᠪᠰᠢᠨ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠠᠴᠠ ᠰᠠᠯᠭᠠᠬᠤ ᠲᠥᠰᠦᠯ ᠲᠣᠭᠲᠠᠭᠠᠵᠤ᠂ ᠵᠠᠭᠠᠭ ᠱᠤᠭᠤᠮ ᠢ ᠲᠣᠳᠣᠷᠬᠠᠶ ᠲᠣᠭᠲᠠᠭᠠᠬᠤ ᠶᠢᠨ ᠬᠠᠮᠲᠤ ᠬᠠᠮᠢᠶ᠎ᠠ ᠪᠦᠬᠦᠢ ᠡᠷᠬᠡᠲᠦ ᠬᠥᠮᠦᠨ ᠢᠶᠠᠷ ᠵᠥᠪᠰᠢᠶᠡᠷᠡᠭᠦᠯᠬᠦ ᠬᠡᠷᠡᠭᠲᠡᠶ᠃ ᠤᠤᠯ ᠤᠨ ᠣᠯᠠᠨ ᠨᠡᠶᠢᠲᠡ ᠶᠢᠨ ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ᠂ ᠭᠠᠵᠠᠷ ᠳᠣᠤᠷᠠᠬᠢ ᠬᠤᠭᠤᠯᠠᠶ ᠱᠤᠭᠤᠮ᠂ ᠨᠡᠪᠲᠡᠷᠡᠬᠦ ᠵᠠᠮ ᠵᠡᠷᠭᠡ ᠶᠢᠨ ᠤᠤᠯ ᠪᠠᠶᠢᠳᠠᠯ ᠢ ᠪᠠᠲᠤᠯᠠᠬᠤ ᠬᠡᠷᠡᠭᠲᠡᠶ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠢ ᠰᠠᠯᠭᠠᠭᠰᠠᠨ ᠠᠴᠠ ᠪᠣᠯᠵᠤ ᠳᠤᠷ᠎ᠠ ᠪᠠᠷ ᠢᠶᠠᠨ ᠥᠭᠡᠷᠡᠴᠢᠯᠡᠵᠦ᠂ ᠳᠤᠷ᠎ᠠ ᠪᠠᠷ ᠢᠶᠠᠨ ᠬᠦᠷᠢᠶ᠎ᠡ ᠬᠠᠰᠢᠶ᠎ᠠ ᠪᠠᠶᠢᠭᠤᠯᠵᠤ ᠪᠣᠯᠬᠤ ᠦᠭᠡᠶ᠃ ᠭᠠᠵᠠᠷ ᠰᠢᠷᠣᠶ ᠶᠢ ᠬᠤᠪᠢᠶᠠᠷᠢᠯᠠᠭᠰᠠᠨ ᠤ ᠳᠠᠷᠠᠭ᠎ᠠ᠂ ᠬᠡᠰᠡᠭ ᠭᠠᠵᠠᠷ ᠤᠨ ᠳᠣᠲᠣᠷᠠᠬᠢ ᠭᠡᠷ ᠪᠠᠶᠢᠰᠢᠩ ᠳᠠᠩᠰᠠᠯᠠᠬᠤ ᠬᠡᠷᠡᠭᠴᠡᠭᠡ᠂ ᠡᠷᠬᠡᠲᠦ ᠬᠥᠮᠦᠨ ᠨᠢ ᠨᠢᠭᠡᠳᠦᠯ ᠦᠭᠡᠶ ᠪᠠᠶᠢᠪᠠᠯ᠂ ᠬᠠᠮᠲᠤ ᠪᠠᠷ ᠬᠡᠷᠡᠭᠯᠡᠬᠦ ᠬᠡᠰᠡᠭ ᠭᠠᠵᠠᠷ ᠤᠨ ᠶᠣᠰᠣᠭᠠᠷ ᠰᠢᠢᠳᠪᠦᠷᠢᠯᠡᠬᠦ ᠶᠢᠨ ᠬᠠᠮᠲᠤ ᠭᠡᠷ ᠪᠠᠶᠢᠰᠢᠩ ᠳᠠᠩᠰᠠᠯᠠᠬᠤ ᠪᠠᠷᠢᠯᠭ᠎ᠠ ᠶᠢᠨ ᠲᠠᠯᠠᠪᠠᠶ ᠶᠢ ᠦᠨᠳᠦᠰᠦᠯᠡᠨ ᠭᠠᠵᠠᠷ ᠰᠢᠷᠣᠶ ᠶᠢᠨ ᠲᠠᠯᠠᠪᠠᠶ ᠶᠢ ᠲᠡᠰᠬᠡᠨ ᠨᠣᠭᠳᠠᠭᠤᠯᠬᠤ ᠬᠡᠷᠡᠭᠲᠡᠶ᠃ ᠭᠡᠷ ᠪᠠᠶᠢᠰᠢᠩ ᠢ ᠣᠷᠣᠨ ᠰᠠᠭᠤᠴᠠ ᠪᠣᠯᠭᠠᠨ ᠳᠠᠩᠰᠠᠯᠠᠭᠰᠠᠨ ᠪᠣᠯ᠂ ᠬᠤᠪᠢᠶᠠᠷᠢᠯᠠᠨ ᠥᠭᠭᠦᠭᠰᠡᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠦᠷᠭᠦᠯᠵᠢᠯᠡᠨ ᠦᠯᠡᠳᠡᠭᠡᠵᠦ᠂ ᠤᠤᠯ ᠤᠨ ᠭᠠᠵᠠᠷ ᠰᠢᠷᠣᠶ ᠶᠢᠨ ᠬᠡᠷᠡᠭᠴᠡᠭᠡ ᠪᠠᠷ ᠳᠠᠩᠰᠠᠯᠠᠨ ᠲᠡᠮᠳᠡᠭᠯᠡᠬᠦ ᠬᠡᠷᠡᠭᠲᠡᠶ᠃ᠰᠤᠷᠭᠠᠨ ᠬᠥᠮᠦᠵᠢᠯ᠂ ᠡᠮ ᠡᠮᠨᠡᠯᠭᠡ ᠳᠤ ᠬᠡᠷᠡᠭᠯᠡᠬᠦ ᠭᠠᠵᠠᠷ ᠤᠨ ᠪᠦᠬᠦᠯᠢ ᠴᠣᠭᠴᠠ ᠶᠢᠨ ᠬᠡᠷᠡᠭᠯᠡᠬᠦ ᠴᠢᠳᠠᠮᠵᠢ ᠶᠢ ᠪᠠᠲᠤᠯᠠᠬᠤ ᠶᠢᠨ ᠲᠤᠰᠠᠳᠠ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠢ ᠬᠤᠪᠢᠶᠠᠬᠤ ᠳᠤ ᠭᠠᠵᠠᠷ ᠰᠢᠷᠣᠶ ᠬᠡᠷᠡᠭᠯᠡᠬᠦ ᠡᠷᠬᠡᠲᠦ ᠬᠥᠮᠦᠨ ᠤ ᠬᠠᠷᠢᠶᠠᠯᠠᠭᠳᠠᠬᠤ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠃      ︵ᠬᠤᠶᠠᠷ︶ ᠭᠠᠵᠠᠷ ᠰᠢᠷᠤᠢ ᠶᠢᠨ ᠬᠡᠷᠡᠭᠯᠡᠯᠲᠡ ᠶᠢ ᠲᠤᠭᠳᠠᠭᠠᠬᠤᠭᠡᠷ ᠪᠠᠶᠢᠰᠢᠩ ᠭᠠᠵᠠᠷ ᠬᠥᠷᠥᠩᠭᠡ ᠶᠢᠨ ᠡᠷᠬᠡ ᠠᠰᠢᠭ ᠢ ᠨᠢᠭᠡᠳᠦᠯᠲᠡᠶ ᠪᠠᠶᠢᠯᠭᠠᠬᠤ ᠵᠠᠷᠴᠢᠮ ᠤᠨ ᠶᠣᠰᠣᠭᠠᠷ᠂ ᠭᠡᠷ ᠪᠠᠶᠢᠰᠢᠩ ᠳᠠᠩᠰᠠᠯᠠᠬᠤ ᠬᠡᠷᠡᠭᠯᠡᠮᠵᠢ ᠶᠢᠨ ᠶᠣᠰᠣᠭᠠᠷ ᠭᠠᠵᠠᠷ ᠰᠢᠷᠣᠶ ᠶᠢᠨ ᠬᠡᠷᠡᠭᠴᠡᠭᠡ ᠶᠢ ᠲᠣᠭᠲᠠᠭᠠᠵᠤ᠂ ᠰᠢᠯᠵᠢᠭᠦᠯᠦᠨ ᠥᠭᠭᠦᠭᠰᠡᠨ ᠤ ᠳᠠᠷᠠᠭ᠎ᠠ ᠭᠠᠵᠠᠷ ᠰᠢᠷᠣᠶ ᠶᠢᠨ ᠬᠡᠷᠡᠭᠯᠡᠯᠲᠡ ᠬᠢᠭᠡᠳ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠶ ᠶᠢᠨ ᠬᠡᠷᠡᠭᠴᠡᠭᠡᠨ ᠤ ᠲᠥᠷᠥᠯ ᠬᠤᠪᠢᠶᠠᠬᠤ ᠪᠠᠷᠢᠮᠵᠢᠶ᠎ᠠ ᠨᠢ ᠲᠣᠬᠢᠷᠠᠯᠴᠠᠬᠤ ᠦᠭᠡᠶ ᠪᠣᠯ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠶ ᠶᠢᠨ ᠬᠡᠷᠡᠭᠴᠡᠭᠡᠨ ᠤ ᠲᠥᠷᠥᠯ ᠬᠤᠪᠢᠶᠠᠬᠤ ᠪᠠᠷᠢᠮᠵᠢᠶ᠎ᠠ ᠶᠣᠰᠣᠭᠠᠷ ᠬᠠᠷᠢᠶᠠᠯᠠᠭᠳᠠᠬᠤ ᠭᠠᠵᠠᠷ ᠤᠨ ᠲᠥᠷᠥᠯ ᠢᠶᠠᠨ ᠳᠠᠬᠢᠵᠤ ᠲᠣᠭᠲᠠᠭᠠᠬᠤ ᠬᠡᠷᠡᠭᠲᠡᠶ᠃      ︵ᠭᠤᠷᠪᠠ︶ ᠭᠠᠵᠠᠷ ᠰᠢᠷᠤᠢ ᠬᠡᠷᠡᠭᠯᠡᠬᠦ ᠡᠷᠬᠡ ᠶᠢ ᠰᠢᠯᠵᠢᠬᠦᠯᠤᠨ ᠦᠭᠭᠦᠭᠰᠡᠨ ᠠᠩᠬᠠᠨ ᠤ ᠡᠳᠦᠷ ᠢ ᠲᠣᠭᠲᠠᠭᠠᠬᠤᠭᠠᠵᠠᠷ ᠰᠢᠷᠣᠢ ᠠᠰᠢᠭᠯᠠᠬᠤ ᠡᠷᠬᠡ ᠶᠢ ᠭᠠᠷᠭᠠᠵᠤ ᠥᠭᠬᠦ ᠵᠢᠯ ᠤᠨ ᠬᠤᠭᠤᠴᠠᠭ᠎ᠠ ᠶᠢ ᠤᠭ ᠭᠠᠵᠠᠷ ᠳᠡᠭᠡᠷᠡᠬᠢ ᠭᠡᠷ ᠪᠠᠶᠢᠰᠢᠩ ᠢ ᠠᠩᠬ᠎ᠠ ᠤᠳᠠᠭ᠎ᠠ ᠰᠢᠯᠵᠢᠭᠦᠯᠵᠦ ᠪᠦᠷᠢᠳᠬᠡᠭᠦᠯᠦᠭᠰᠡᠨ ᠡᠳᠦᠷ ᠠᠴᠠ ᠡᠬᠢᠯᠡᠵᠦ ᠪᠣᠳᠣᠨ᠎ᠠ᠃ ᠭᠡᠷ ᠪᠠᠶᠢᠰᠢᠩ ᠢ ᠨᠢᠭᠡᠨᠲᠡ ᠲᠠᠷᠠᠬᠠᠶ ᠪᠠᠷ ᠳᠠᠩᠰᠠᠯᠠᠭᠤᠯᠤᠭᠰᠠᠨ ᠪᠠᠶᠢᠪᠠᠯ᠂ ᠭᠡᠷ ᠪᠠᠶᠢᠰᠢᠩ ᠤᠨ ᠥᠮᠴᠢᠯᠡᠬᠦ ᠡᠷᠬᠡ ᠨᠢ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠵᠢᠯ ᠤᠨ ᠬᠤᠭᠤᠴᠠᠭ᠎ᠠ ᠶᠢ ᠡᠯ᠎ᠡ ᠢᠵᠢ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠬᠠᠷᠢᠶᠠᠯᠠᠯ ᠢ ᠰᠢᠯᠵᠢᠭᠦᠯᠬᠦ ᠳᠠᠩᠰᠠᠯᠠᠯᠲᠠ ᠶᠢ ᠠᠩᠬ᠎ᠠ ᠤᠳᠠᠭ᠎ᠠ ᠭᠦᠢᠴᠡᠳᠬᠡᠭᠰᠡᠨ ᠡᠳᠦᠷ ᠠᠴᠠ ᠡᠬᠢᠯᠡᠵᠦ ᠪᠣᠳᠣᠨ᠎ᠠ᠃ ᠭᠡᠷ ᠪᠠᠶᠢᠰᠢᠩ ᠤᠨ ᠥᠮᠴᠢᠯᠡᠬᠦ ᠡᠷᠬᠡ ᠨᠢ ᠰᠢᠯᠵᠢᠭᠦᠯᠬᠦ ᠳᠠᠩᠰᠠᠯᠠᠯᠲᠠ ᠬᠢᠯᠭᠡᠭᠰᠡᠨ ᠦᠭᠡᠢ᠂ ᠭᠡᠪᠡᠴᠦ ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠬᠤᠪᠢᠶᠠᠷᠢᠯᠠᠨ ᠥᠭᠬᠦ ᠨᠥᠬᠦᠴᠡᠯ ᠳᠤ ᠨᠡᠶᠢᠴᠡᠬᠦ ᠦᠭᠡᠢ ᠭᠡᠵᠦ ᠲᠣᠳᠤᠷᠬᠠᠶᠢᠯᠠᠪᠠᠯ᠂ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠣᠨ ᠤ ᠬᠤᠭᠤᠴᠠᠭ᠎ᠠ ᠶᠢ ᠪᠢᠴᠢᠭ ᠮᠠᠲ᠋ᠧᠷᠢᠶᠠᠯ ᠤᠨ ᠬᠢᠨᠠᠨ ᠣᠯᠭᠤᠭᠰᠠᠨ ᠴᠠᠭ ᠠᠴᠠ ᠡᠬᠢᠯᠡᠵᠦ ᠪᠣᠳᠣᠨ᠎ᠠ᠃ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠣᠨ ᠤ ᠬᠤᠭᠤᠴᠠᠭ᠎ᠠ ᠶᠢ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠵᠤ ᠪᠣᠯᠤᠨ᠎ᠠ᠂ ᠬᠤᠳᠠᠯᠳᠤᠭᠠᠨ ᠤ ᠬᠡᠷᠡᠭᠯᠡᠬᠦ ᠭᠠᠵᠠᠷ ᠢ ᠬᠠᠮᠤᠭ ᠤᠨ ᠥᠨᠳᠥᠷ ᠲᠡᠭᠡᠨ 40 ᠵᠢᠯ ᠠᠴᠠ ᠬᠡᠲᠦᠷᠡᠭᠦᠯᠵᠦ ᠪᠣᠯᠬᠤ ᠦᠭᠡᠶ᠂ ᠪᠤᠰᠤᠳ ᠬᠡᠷᠡᠭᠯᠡᠬᠦ ᠭᠠᠵᠠᠷ ᠢ ᠬᠠᠮᠤᠭ ᠤᠨ ᠥᠨᠳᠥᠷ ᠲᠡᠭᠡᠨ 50 ᠵᠢᠯ ᠠᠴᠠ ᠬᠡᠲᠦᠷᠡᠭᠦᠯᠵᠦ ᠪᠣᠯᠬᠤ ᠦᠭᠡᠶ᠃      ︵ᠲᠦᠷᠪᠡ︶ ᠭᠠᠵᠠᠷ ᠰᠢᠷᠤᠢ ᠶᠢ ᠰᠢᠯᠵᠢᠬᠦᠯᠤᠨ ᠥᠭᠬᠦ  ᠮᠥᠩᠭᠥ ᠶᠢ ᠲᠣᠭᠠᠴᠠᠭ᠎ᠠ ᠬᠢᠬᠦ ᠠᠷᠭ᠎ᠠ ᠶᠢ ᠲᠣᠭᠲᠠᠭᠠᠬᠤᠡᠮᠦᠨᠡᠬᠢ ᠵᠤᠷᠪᠤᠰ ᠲᠤ ᠲᠣᠭᠲᠠᠭᠠᠭᠰᠠᠨ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ ᠲᠠᠯᠠᠪᠠᠶ ᠶᠢᠨ ᠶᠣᠰᠣᠭᠠᠷ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠤᠳᠠᠯᠳᠤᠬᠤ ᠣᠨ ᠤ ᠬᠤᠭᠤᠴᠠᠭ᠎ᠠ ᠠᠴᠠ ᠡᠬᠢᠯᠡᠵᠦ ᠪᠣᠳᠣᠬᠤ ᠡᠳᠦᠷ ᠤᠨ ᠠᠳᠠᠯᠢ ᠣᠷᠣᠨ᠂ ᠠᠳᠠᠯᠢ ᠬᠡᠷᠡᠭᠴᠡᠭᠡ᠂ ᠠᠳᠠᠯᠢ ᠲᠠᠰ ᠤᠨ ᠦᠨᠳᠦᠰᠦᠨ ᠪᠠᠷᠢᠮᠵᠢᠶᠠᠲᠤ ᠭᠠᠵᠠᠷ ᠤᠨ ᠦᠨ᠎ᠡ ᠶᠢᠨ 40% ᠪᠠᠷ ᠦᠷᠡᠵᠢᠭᠦᠯᠵᠦ ᠲᠤᠰᠢᠶᠠᠪᠠᠰᠤ ᠵᠣᠬᠢᠬᠤ ᠰᠢᠯᠵᠢᠭᠦᠯᠦᠨ ᠥᠭᠭᠦᠭᠰᠡᠨ ᠦᠨ᠎ᠡ ᠶᠢᠨ ᠵᠣᠭᠤᠰ ᠤᠨ ᠲᠤᠭ᠎ᠠ ᠪᠠᠷ ᠲᠣᠭᠲᠠᠭᠠᠨ᠎ᠠ᠃ ᠭᠡᠷ ᠪᠠᠶᠢᠰᠢᠩ ᠤᠨ ᠥᠮᠴᠢᠯᠡᠬᠦ ᠡᠷᠬᠡ ᠶᠢ ᠣᠯᠠᠨ ᠤᠳᠠᠭ᠎ᠠ ᠰᠢᠯᠵᠢᠭᠦᠯᠬᠦ ᠪᠠᠷ ᠳᠠᠮᠵᠢᠭᠠᠳ᠂ ᠭᠤᠶᠤᠴᠢᠯᠠᠭᠴᠢ ᠠᠴᠠ ᠣᠳᠣ ᠶᠢᠨ ᠪᠠᠶᠢᠭ᠎ᠠ ᠭᠡᠷ ᠪᠠᠶᠢᠰᠢᠩ ᠤᠨ ᠥᠮᠴᠢᠯᠡᠬᠦ ᠡᠷᠬᠡ ᠲᠠᠢ ᠬᠥᠮᠦᠨ ᠪᠠᠶᠢᠪᠠᠯ᠂ ᠬᠤᠳᠠᠯᠳᠤᠬᠤ ᠦᠨ᠎ᠡ ᠶᠢᠨ ᠵᠣᠭᠤᠰ ᠢ ᠭᠤᠶᠤᠴᠢᠯᠠᠭᠴᠢ ᠠᠴᠠ ᠭᠡᠷ ᠪᠠᠶᠢᠰᠢᠩ ᠤᠨ ᠥᠮᠴᠢᠯᠡᠬᠦ ᠡᠷᠬᠡ ᠶᠢ ᠳᠠᠩᠰᠠᠯᠠᠬᠤ ᠴᠠᠭ ᠬᠤᠭᠤᠴᠠᠭ᠎ᠠ ᠬᠢᠭᠡᠳ ᠭᠠᠵᠠᠷ ᠰᠢᠷᠣᠶ ᠶᠢᠨ ᠦᠯᠡᠳᠡᠭᠰᠡᠨ ᠣᠨ ᠤ ᠬᠤᠭᠤᠴᠠᠭ᠎ᠠ ᠬᠢᠭᠡᠳ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠣᠨ ᠤ ᠬᠤᠭᠤᠴᠠᠭᠠᠨ ᠤ ᠬᠠᠷᠢᠴᠠᠯ ᠢᠶᠠᠷ ᠣᠨ ᠤ ᠬᠤᠭᠤᠴᠠᠭᠠᠨ ᠳᠤ ᠵᠠᠰᠠᠪᠤᠷᠢ ᠣᠷᠣᠭᠤᠯᠤᠨ᠎ᠠ ᠃ ᠭᠤᠶᠤᠴᠢᠯᠠᠭᠴᠢ ᠠᠴᠠ ᠭᠡᠷ ᠪᠠᠶᠢᠰᠢᠩ ᠤᠨ ᠥᠮᠴᠢᠯᠡᠬᠦ ᠡᠷᠬᠡ ᠶᠢ ᠰᠢᠯᠵᠢᠭᠦᠯᠦᠨ ᠠᠪᠤᠭᠴᠢ ᠪᠠᠶᠢᠪᠠᠯ᠂ ᠬᠢᠮᠳᠠ ᠪᠠᠷ ᠬᠤᠳᠠᠯᠳᠤᠭᠰᠠᠨ ᠤ ᠦᠨ᠎ᠡ ᠶᠢᠨ ᠵᠣᠭᠤᠰ ᠢ ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠬᠢᠨᠠᠨ ᠣᠯᠭᠤᠬᠤ ᠴᠠᠭ ᠬᠤᠭᠤᠴᠠᠭ᠎ᠠ ᠨᠢ ᠭᠠᠵᠠᠷ ᠰᠢᠷᠣᠶ ᠶᠢᠨ ᠦᠯᠡᠳᠡᠭᠰᠡᠨ ᠣᠨ ᠤ ᠬᠤᠭᠤᠴᠠᠭ᠎ᠠ ᠬᠢᠭᠡᠳ ᠭᠠᠵᠠᠷ ᠰᠢᠷᠣᠶ ᠶᠢ ᠬᠢᠮᠳᠠ ᠪᠠᠷ ᠬᠤᠳᠠᠯᠳᠤᠬᠤ ᠣᠨ ᠤ ᠬᠤᠭᠤᠴᠠᠭᠠᠨ ᠤ ᠬᠠᠷᠢᠴᠠᠯ ᠢᠶᠠᠷ ᠣᠨ ᠤ ᠬᠤᠭᠤᠴᠠᠭᠠᠨ ᠳᠤ ᠵᠠᠰᠠᠪᠤᠷᠢ ᠣᠷᠣᠭᠤᠯᠤᠨ᠎ᠠ᠃ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠬᠤᠳᠠᠯᠳᠤᠬᠤ ᠣᠨ ᠤ ᠡᠬᠢᠯᠡᠯᠲᠡ ᠶᠢᠨ ᠬᠤᠭᠤᠴᠠᠭ᠎ᠠ ᠨᠢ 2000 ᠣᠨ ᠠᠴᠠ ᠡᠮᠦᠨ᠎ᠡ ᠪᠠᠶᠢᠪᠠᠯ᠂ 2000 ᠣᠨ ᠤ ᠬᠤᠲᠠ ᠶᠢᠨ ᠵᠠᠰᠠᠭ ᠤᠨ ᠣᠷᠳᠣᠨ ᠤ ᠨᠡᠶᠢᠲᠡᠯᠡᠭᠰᠡᠨ ᠭᠤᠤᠯ ᠬᠤᠲᠠ ᠲᠣᠭᠤᠷᠢᠭ ᠤᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠪᠠᠷᠢᠮᠵᠢᠶ᠎ᠠ ᠪᠠᠷ ᠬᠡᠷᠡᠭᠵᠢᠭᠦᠯᠬᠦ ᠬᠡᠷᠡᠭᠲᠡᠶ᠃       ᠳᠥᠷᠪᠡ᠂ ᠰᠢᠢᠳᠪᠦᠷᠢᠯᠡᠬᠦ ᠳᠡᠰ ᠳᠠᠷᠠᠭᠠᠯᠠᠯ      ︵ᠨᠢᠭᠡ︶ ᠭᠦᠢᠴᠡᠳᠭᠡᠬᠦ ᠡᠷᠬᠡ ᠮᠡᠳᠡᠯᠭᠠᠵᠠᠷ ᠰᠢᠷᠣᠶ ᠬᠡᠷᠡᠭᠯᠡᠬᠦ ᠡᠷᠬᠡ ᠶᠢᠨ ᠦᠨᠡᠮᠯᠡᠯ ᠪᠤᠶᠤ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠢ ᠬᠤᠩᠱᠠᠨ ᠲᠣᠭᠤᠷᠢᠭ᠂ ᠰᠦᠩᠱᠠᠨ ᠲᠣᠭᠤᠷᠢᠭ ᠤᠨ ᠪᠠᠶᠢᠭᠠᠯᠢ  ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠬᠢᠨᠠᠨ ᠣᠯᠭᠤᠭᠰᠠᠨ ᠪᠠᠶᠢᠪᠠᠯ᠂ ᠵᠣᠬᠢᠴᠠᠩᠭᠤᠶ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠨ ᠭᠦᠢᠴᠡᠳᠬᠡᠨ᠎ᠡ ᠃ ᠭᠠᠵᠠᠷ ᠰᠢᠷᠣᠶ ᠬᠡᠷᠡᠭᠯᠡᠬᠦ ᠡᠷᠬᠡ ᠶᠢᠨ ᠦᠨᠡᠮᠯᠡᠯ ᠪᠤᠶᠤ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢᠨ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠢ ᠬᠤᠲᠠ ᠶᠢᠨ ᠪᠠᠶᠢᠭᠠᠯᠢ  ᠶᠢᠨ ᠡᠬᠢ ᠪᠠᠶᠠᠯᠢᠭ ᠤᠨ ᠲᠣᠪᠴᠢᠶ᠎ᠠ ᠠᠴᠠ ᠬᠢᠨᠠᠨ ᠣᠯᠭᠤᠭᠰᠠᠨ ᠪᠠᠶᠢᠪᠠᠯ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠶ  ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠭᠠᠷᠳᠠᠮ ᠢ ᠨᠥᠬᠦᠨ ᠭᠦᠢᠴᠡᠳᠬᠡᠬᠦ ᠬᠡᠷᠡᠭᠲᠡᠢ ᠃      ︵ᠬᠤᠶᠠᠷ︶ ᠭᠦᠢᠴᠡᠳᠭᠡᠬᠦ ᠴᠤᠪᠤᠷᠠᠯ1. ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ᠂ ᠭᠠᠵᠠᠷ ᠳᠡᠭᠡᠷᠡᠬᠢ ᠭᠡᠷ ᠪᠠᠶᠢᠰᠢᠩ ᠤᠨ ᠥᠮᠴᠢᠯᠡᠬᠦ ᠡᠷᠬᠡᠲᠦ ᠬᠥᠮᠦᠨ ᠪᠤᠶᠤ ᠬᠠᠤᠯᠢ ᠴᠠᠭᠠᠵᠠ ᠶᠢᠨ ᠬᠦᠴᠦᠨ ᠲᠠᠢ ᠪᠢᠴᠢᠭ ᠮᠠᠲ᠋ᠧᠷᠢᠶᠠᠯ ᠢᠶᠠᠷ ᠲᠣᠭᠲᠠᠭᠠᠭᠰᠠᠨ ᠰᠢᠯᠵᠢᠭᠦᠯᠦᠨ ᠠᠪᠤᠭᠰᠠᠨ ᠭᠡᠷ ᠪᠠᠶᠢᠰᠢᠩ ᠤᠨ ᠡᠷᠬᠡᠲᠦ ᠬᠥᠮᠦᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠬᠤ ᠲᠥᠪ ᠲᠤ ᠳᠠᠩᠰᠠᠯᠠᠯᠲᠠ ᠶᠢ ᠬᠤᠪᠢᠷᠠᠭᠤᠯᠬᠤ ᠭᠤᠶᠤᠴᠢᠯᠠᠯ ᠳᠤᠷᠠᠳᠤᠨ᠎ᠠ᠃ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠠᠴᠠ ᠭᠥᠯᠢᠶᠡᠨ ᠠᠪᠴᠤ ᠰᠢᠢᠳᠪᠦᠷᠢᠯᠡᠵᠦ ᠂ ᠬᠡᠷ ᠪᠠᠶᠢᠰᠢᠩ ᠵᠢᠴᠢ ᠭᠠᠵᠠᠷ ᠰᠢᠷᠣᠶ ᠶᠢᠨ ᠳᠡᠩᠰᠡᠯᠡᠯᠲᠡ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ᠂ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠨᠢ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠳᠡᠩᠰᠡᠯᠡᠯᠲᠡ ᠶᠢᠨ ᠠᠰᠠᠭᠤᠳᠠᠯ ᠳᠤ ᠬᠠᠷᠢᠶᠠᠯᠠᠭᠳᠠᠬᠤ ᠡᠰᠡᠬᠦ᠂ ᠮᠠᠭᠠᠳᠯᠠᠨ ᠲᠣᠭᠲᠠᠭᠠᠭᠰᠠᠨ ᠰᠠᠨᠠᠯ ᠭᠠᠷᠭᠠᠵᠤ᠂ ᠬᠡᠷ ᠪᠠᠶᠢᠰᠢᠩ ᠤᠨ ᠥᠮᠴᠢᠯᠡᠯ ᠤᠨ ᠡᠷᠬᠡ ᠶᠢ ᠠᠩᠬ᠎ᠠ ᠤᠳᠠᠭ᠎ᠠ ᠰᠢᠯᠵᠢᠭᠦᠯᠦᠨ ᠳᠡᠩᠰᠡᠯᠡᠨ ᠲᠡᠮᠳᠡᠭᠯᠡᠬᠦ ᠴᠠᠭ ᠵᠢᠴᠢ ᠣᠲᠣ ᠶᠢᠨ ᠬᠡᠷ ᠪᠠᠶᠢᠰᠢᠩ ᠤᠨ ᠥᠮᠴᠢᠯᠡᠭᠴᠢ ᠨᠢ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠳᠡᠩᠰᠡᠯᠡᠯᠲᠡ ᠶᠢᠨ ᠴᠡᠭ ᠤᠯᠬᠤ ᠶᠢᠨ ᠬᠠᠮᠲᠤ᠂  ᠭᠦᠢᠴᠡᠳᠬᠡᠬᠦ ᠡᠷᠬᠡ ᠮᠡᠳᠡᠯ ᠤᠨ ᠶᠣᠰᠣᠭᠠᠷ ᠬᠤᠲᠠ ︵ᠲᠣᠭᠤᠷᠢᠭ︶ ᠶᠢᠨ ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ ᠲᠣᠪᠴᠢᠶ᠎ᠠ ᠳᠤ ᠮᠡᠳᠡᠭᠦᠯᠬᠦ ᠬᠡᠷᠡᠭᠲᠡᠢ ᠃ᠭᠠᠵᠠᠷ ᠰᠢᠷᠣᠶ ᠶᠢ ᠰᠠᠯᠭᠠᠬᠤ ᠳᠤ ᠬᠤᠯᠪᠣᠭᠳᠠᠭᠰᠠᠨ ᠪᠠᠶᠢᠪᠠᠯ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠲᠥᠪ ᠨᠢ ᠰᠠᠯᠭᠠᠬᠤ ᠪᠠᠷ ᠲᠥᠯᠥᠪᠯᠡᠵᠦ ᠪᠠᠶᠢᠭ᠎ᠠ ᠲᠥᠰᠦᠯ ᠢ ᠪᠦᠷᠢᠯᠳᠦᠭᠦᠯᠦᠭᠰᠡᠨ ᠪᠥᠭᠡᠳ ᠬᠠᠮᠢᠶ᠎ᠠ ᠪᠥᠬᠦᠶ ᠡᠷᠬᠡᠲᠦ ᠬᠥᠮᠦᠨ ᠢᠶᠠᠷ ᠵᠥᠪᠰᠢᠶᠡᠷᠡᠭᠦᠯᠦᠭᠰᠡᠨ ᠡᠰᠡᠬᠦ ᠶᠢ ᠬᠢᠨᠠᠨ ᠪᠠᠶᠢᠴᠠᠭᠠᠬᠤ ᠬᠡᠷᠡᠭᠲᠡᠢ ᠃2. ᠬᠤᠲᠠ ︵ᠤᠷᠤᠨ︶ ᠶᠢᠨ ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ ᠲᠣᠪᠴᠢᠶ᠎ᠠ︶ ᠤᠨ ᠲᠣᠪᠴᠢᠶ᠎ᠠ ᠮᠠᠭᠠᠳᠯᠠᠨ ᠲᠣᠭᠲᠠᠭᠠᠭᠰᠠᠨ ᠰᠠᠨᠠᠯ ᠢ ᠣᠯᠤᠭᠰᠠᠨ ᠤ ᠳᠠᠷᠠᠭ᠎ᠠ᠂ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ ᠪᠠᠶᠢᠳᠠᠯ᠂ ᠬᠦᠷᠢᠶ᠎ᠡ ᠬᠡᠪᠴᠢᠶ᠎ᠡ ᠶᠢ ᠬᠢᠨᠠᠨ ᠪᠠᠶᠢᠴᠠᠭᠠᠵᠤ᠂ ᠭᠠᠵᠠᠷ ᠰᠢᠷᠣᠶ ᠶᠢᠨ ᠡᠷᠬᠡ ᠶᠢᠨ ᠬᠠᠷᠢᠶ᠎ᠠ ᠶᠢᠨ ᠲᠠᠯᠠᠪᠠᠶ ᠶᠢ ᠲᠣᠭᠠᠴᠠᠭ᠎ᠠ ᠬᠢᠵᠦ᠂ ᠭᠠᠵᠠᠷ ᠰᠢᠷᠣᠶ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ  ᠪᠢᠴᠢᠬᠦ  ᠬᠡᠷᠡᠭᠲᠡᠢ ᠃ᠭᠠᠵᠠᠷ ᠰᠢᠷᠣᠶ ᠶᠢ ᠰᠠᠯᠭᠠᠬᠤ ᠳᠤ ᠬᠤᠯᠪᠣᠭᠳᠠᠭᠰᠠᠨ ᠪᠠᠶᠢᠪᠠᠯ᠂ ᠬᠤᠪᠢᠶᠠᠷᠢᠯᠠᠬᠤ ᠪᠠᠷ ᠪᠠᠶᠢᠭ᠎ᠠ ᠲᠥᠰᠦᠯ ᠤᠨ ᠵᠦᠢ ᠶᠣᠰᠣᠴᠢ ᠴᠢᠨᠠᠷ ᠲᠤ ᠲᠥᠯᠥᠪᠵᠢᠭᠦᠯᠭᠡ ᠶᠢ ᠬᠢᠨᠠᠨ ᠪᠠᠶᠢᠴᠠᠭᠠᠭᠰᠠᠨ ᠰᠠᠨᠠᠯ ᠭᠠᠷᠭᠠᠬᠤ ᠬᠡᠷᠡᠭᠲᠡᠶ᠃3. ᠬᠤᠲᠠ ︵ᠲᠣᠭᠤᠷᠢᠭ︶ ᠶᠢᠨ ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ ᠲᠣᠪᠴᠢᠶ᠎ᠠ︶ ᠤᠨ ᠲᠣᠪᠴᠢᠶ᠎ᠠ ᠨᠢ ᠬᠡᠰᠡᠭ ᠭᠠᠵᠠᠷ ᠤᠨ ᠵᠥᠪᠳᠡᠯᠴᠡᠬᠡᠷ ᠢᠶᠠᠷ ᠰᠢᠯᠵᠢᠭᠦᠯᠦᠨ ᠥᠭᠬᠦ ᠲᠥᠰᠦᠯ ᠶᠣᠰᠣᠭᠠᠷ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠨ᠎ᠡ᠃ ᠨᠢᠭᠡᠨᠲᠡ ᠲᠠᠷᠠᠬᠠᠶ ᠪᠠᠷ ᠳᠠᠩᠰᠠᠯᠠᠭᠤᠯᠤᠭᠰᠠᠨ ᠭᠡᠷ ᠪᠠᠶᠢᠰᠢᠩ ᠨᠢ ᠬᠢᠮᠳᠠ ᠪᠠᠷ ᠬᠤᠳᠠᠯᠳᠤᠬᠤ ᠭᠠᠷᠳᠠᠮ ᠢ ᠨᠥᠬᠦᠵᠦ ᠭᠦᠢᠴᠡᠳᠬᠡᠬᠦ ᠪᠠᠷ ᠭᠤᠶᠤᠴᠢᠯᠠᠬᠤ ᠦᠶ᠎ᠡ ᠳᠤ᠂ ᠪᠠᠶᠢᠭ᠎ᠠ ᠭᠠᠵᠠᠷ ᠤᠨ ᠢᠶᠠᠨ ᠬᠢᠮᠳᠠ ᠪᠠᠷ ᠬᠤᠳᠠᠯᠳᠤᠬᠤ ᠲᠥᠰᠦᠯ ᠢ ᠨᠢᠭᠡᠨᠲᠡ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠪᠣᠯ ᠳᠠᠪᠬᠤᠷᠳᠠᠭᠤᠯᠤᠨ ᠮᠡᠳᠡᠭᠦᠯᠦᠨ ᠵᠥᠪᠰᠢᠶᠡᠷᠡᠭᠦᠯᠬᠦ ᠦᠭᠡᠶ᠃4. ᠵᠥᠪᠳᠡᠯᠴᠡᠨ ᠬᠤᠳᠠᠯᠳᠤᠬᠤ ᠲᠥᠰᠦᠯ ᠢ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ︵ᠲᠣᠭᠤᠷᠢᠭ︶ ᠶᠢᠨ ᠪᠠᠶᠢᠭᠠᠯᠢ ᠶᠢᠨ ᠡᠬᠢ ᠪᠠᠶᠠᠯᠢᠭ ︵ᠬᠤᠪᠢᠶᠠᠷᠢ ᠲᠣᠪᠴᠢᠶ᠎ᠠ︶ ᠤᠨ ᠲᠣᠪᠴᠢᠶ᠎ᠠ ᠨᠢ ᠭᠠᠵᠠᠷ ᠰᠢᠷᠣᠶ ᠬᠡᠷᠡᠭᠯᠡᠬᠦ ᠡᠷᠬᠡᠲᠦ ᠬᠥᠮᠦᠨ ᠲᠠᠢ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠭᠡᠷ᠎ᠡ ᠲᠣᠭᠲᠠᠬᠤ ᠶᠢᠨ ᠬᠠᠮᠲᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠵᠣᠭᠤᠰ ᠲᠤᠰᠢᠶᠠᠬᠤ ᠮᠡᠳᠡᠭᠡ ᠵᠠᠩᠭᠢ ᠪᠠᠨ  ᠮᠡᠳᠡᠭᠦᠯᠬᠦ ᠬᠡᠷᠡᠭᠲᠡᠢ ᠃5. ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠠᠴᠠ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠭᠡᠷ᠎ᠡ᠂ ᠭᠠᠵᠠᠷ ᠤᠨ ᠬᠠᠷᠢᠶ᠎ᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ᠂ ᠭᠠᠵᠠᠷ ᠰᠢᠷᠣᠶ ᠶᠢ ᠲᠦᠯᠦᠪᠦᠷᠢᠲᠡᠢ ᠰᠢᠯᠵᠢᠭᠦᠯᠬᠦ ᠦᠨ᠎ᠡ ᠶᠢᠨ ᠵᠣᠭᠤᠰ ᠤᠨ ᠲᠤᠰᠢᠶᠠᠭᠰᠠᠨ ᠪᠠᠷᠢᠮᠲᠠ᠂ ᠭᠠᠶᠢᠯᠢ ᠰᠦᠢᠳᠬᠡᠯ ᠲᠤᠰᠢᠶᠠᠭᠰᠠᠨ ᠭᠡᠷᠡᠴᠢ ᠵᠡᠷᠭᠡ ᠮᠠᠲ᠋ᠧᠷᠢᠶᠠᠯ ᠢᠶᠠᠷ ᠡᠷᠬᠡᠲᠦ ᠬᠥᠮᠦᠨ ᠬᠤᠪᠢᠷᠠᠭᠤᠯᠵᠤ ᠳᠠᠩᠰᠠᠯᠠᠭᠤᠯᠬᠤ ᠬᠡᠷᠡᠭᠲᠡᠶ᠃      ᠲᠠᠪᠤ᠂ ᠪᠤᠰᠤᠳ ᠵᠦᠢᠯ      ︵ᠨᠢᠭᠡ︶ ᠲᠣᠰ ᠠᠷᠭ᠎ᠠ ᠶᠢᠨ ᠳᠠᠭᠤᠰᠤᠭᠠᠳᠤᠶ ᠤᠴᠢᠷ ᠶᠠᠪᠤᠳᠠᠯ ᠢ ᠡᠷᠬᠡᠪᠰᠢ ᠭᠦᠢᠴᠡᠳᠭᠡᠬᠦ ᠡᠷᠬᠡ ᠮᠡᠳᠡᠯ ᠲᠠᠢ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠬᠠᠮᠲᠤ ᠪᠠᠷ ᠰᠤᠳᠤᠯᠤᠨ ᠲᠣᠭᠲᠠᠭᠠᠯᠭᠠᠬᠤ ᠬᠡᠷᠡᠭᠲᠡᠶ᠃      ︵ᠬᠤᠶᠠᠷ︶ ᠡᠮᠦᠨᠡᠬᠢ ᠲᠥᠷᠥ ᠶᠢᠨ ᠪᠣᠳᠣᠯᠭ᠎ᠠ ᠨᠢ ᠲᠤᠰ ᠠᠷᠭ᠎ᠠ ᠶᠢᠨ ᠠᠭᠤᠯᠭ᠎ᠠ ᠯᠤᠭ᠎ᠠ ᠨᠢᠭᠡᠳᠦᠯ ᠦᠭᠡᠶ ᠪᠣᠯ ᠲᠤᠰ ᠠᠷᠭ᠎ᠠ ᠶᠢᠨ ᠶᠣᠰᠣᠭᠠᠷ ᠬᠡᠷᠡᠭᠵᠢᠭᠦᠯᠬᠦ ᠬᠡᠷᠡᠭᠲᠡᠶ᠃      ︵ᠭᠤᠷᠪᠠ︶ ᠲᠥᠪ ᠬᠤᠲᠠ ᠶᠢᠨ ᠲᠣᠭᠤᠷᠢᠭ ᠤᠨ ᠬᠡᠪᠴᠢᠶᠡᠨ ᠠᠴᠠ ᠭᠠᠳᠠᠨᠠᠬᠢ ᠤᠯᠤᠰ ᠤᠨ ᠥᠮᠴᠢᠯᠡᠯᠲᠦ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠲᠡᠤᠬᠡᠨ ᠠᠴᠠ ᠦᠯᠡᠳᠡᠭᠳᠡᠵᠦ ᠢᠷᠡᠭᠰᠡᠨ ᠣᠷᠣᠨ ᠰᠠᠭᠤᠴᠠ ᠶᠢᠨ ᠪᠤᠰᠤ ᠬᠡᠷ ᠪᠠᠶᠢᠰᠢᠩ ᠭᠠᠵᠠᠷ ᠬᠥᠷᠥᠩᠭᠡ ᠶᠢᠨ ᠬᠤᠪᠢᠶᠠᠷᠢᠯᠠᠨ ᠥᠭᠭᠦᠭᠰᠡᠨ ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠪᠠᠶᠢᠳᠠᠯ ᠣᠷᠣᠰᠢᠵᠤ ᠪᠠᠶᠢᠪᠠᠯ᠂ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠤᠨ᠎ᠠ᠃  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ