9 ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠰᠦᠩᠱᠠᠨ ᠲᠣᠭᠤᠷᠢᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ 2024 ᠣᠨ ᠤ | ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠦᠩ ᠴᠢᠩ ᠰᠦᠩ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ | ᠵᠢᠶᠠᠩ ᠴᠠᠩ ᠾᠦᠢ ᠬᠤᠷᠠᠯ ᠡᠷᠭᠢᠯᠡᠪᠡ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠰᠠᠯᠠᠭ᠎ᠠ ᠮᠥᠴᠢᠷ ᠤᠳ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠡᠷᠡᠭᠯᠡᠭᠡᠨ ᠤ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ | ᠲᠦᠷᠭᠡᠨ ᠪᠥᠭᠡᠳ ᠣᠨᠣᠪᠴᠢᠲᠠᠶ ᠠᠷᠭᠠᠴᠠᠬᠤ ᠶᠢ ᠦᠨᠡᠨᠬᠦ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠶᠤᠯᠲᠠᠶ ᠬᠢᠮᠢ ᠶᠢᠨ ᠪᠣᠳᠠᠰ᠂ ᠠᠭᠤᠷᠬᠠᠶ᠂ | ᠰᠢᠲᠠᠮᠠᠬᠠᠶ ᠬᠡᠶ᠂ ᠪᠠᠷᠢᠯᠭ᠎ᠠ ᠶᠢᠨ ᠠᠵᠢᠯ᠂ ᠰᠢᠶᠠᠩ ᠪᠠᠯᠭᠠᠰᠤᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ︽ᠶᠢᠰᠦᠨ ᠪᠠᠭ᠎ᠠ ᠲᠠᠯᠠᠪᠤᠷ︾᠂ ᠵᠠᠮ᠂ | ᠴᠠᠬᠢᠯᠭᠠᠨ ᠬᠥᠳᠡᠯᠭᠡᠭᠦᠷᠲᠦ ᠲᠡᠷᠭᠡᠨ ᠤ ᠪᠥᠬᠦ ᠬᠡᠯᠬᠢᠶ᠎ᠡ ᠵᠡᠷᠭᠡ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ | ᠲᠤᠰᠬᠠᠶ ᠵᠠᠰᠠᠯᠲᠠ ᠶᠢᠨ ᠠᠵᠢᠯᠯᠠᠭ᠎ᠠ ᠥᠷᠨᠢᠭᠦᠯᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ | ᠴᠡᠭᠴᠡᠯᠡᠨ ᠵᠠᠰᠠᠵᠤ᠂ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠰᠠᠯᠠᠭ᠎ᠠ ᠮᠥᠴᠢᠷ ᠤᠳ ᠠᠵᠢᠯ ᠤᠨ | ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠠᠯᠬᠠᠪᠴᠢ ᠶᠢ ᠬᠠᠮᠲᠤᠪᠠᠷ ᠪᠠᠶᠢᠭᠤᠯᠵᠤ᠂ ᠪᠥᠬᠦ | ᠲᠤᠭᠤᠷᠢᠭ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠡᠯ᠎ᠡ | ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ | ᠬᠡᠷᠡᠭᠵᠢᠭᠦᠯᠵᠦ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ | ᠃ | ᠬᠤᠷᠠᠯ ᠠᠴᠠ ᠴᠢᠬᠤᠯᠠᠴᠢᠯᠠᠭᠰᠠᠨ ᠨᠢ᠂ ︽ᠬᠤᠤᠰ ᠪᠠᠶᠠᠷ︾ ᠤᠳᠠᠯ ᠥᠬᠡᠶ ᠬᠦᠷᠴᠦ ᠢᠷᠡᠬᠦ ᠭᠡᠵᠦ ᠪᠠᠶᠢᠨ᠎ᠠ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ | ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠶᠤᠯᠭᠦᠶ ᠦᠢᠯᠡᠳᠪᠦᠷᠢᠯᠡᠯ ᠤᠨ ᠡᠨᠡ ᠬᠦ ᠬᠥᠪᠴᠢ ᠶᠢ ᠴᠠᠭ ᠢᠮᠠᠭᠲᠠ | ᠴᠢᠩᠭᠠᠯᠠᠵᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠪᠥᠬᠦ ᠲᠤᠭᠤᠷᠢᠭ ᠤᠨ ᠠᠶᠤᠯᠭᠦᠶ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠵᠢᠯ ᠤᠨ | ᠡᠬᠢᠨ ᠠᠴᠠ ᠨᠠᠰᠢᠬᠢ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠵᠦ᠂ ᠭᠤᠣᠯᠳᠠᠯᠭ᠎ᠠ ᠲᠠᠢ ᠠᠵᠢᠯ ᠢ ᠲᠤᠬᠢᠷᠠᠭᠤᠯᠪᠠ︔ ᠪᠦᠬᠦ ᠲᠣᠭᠤᠷᠢᠭ ᠤᠨ ᠤᠢ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ | ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠠᠵᠢᠯ᠂ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ ᠳ᠋ᠠᠩ ᠫᠦ᠋ ᠳ᠋ᠢ ᠮᠠᠨᠵᠤ ᠦᠨᠳᠦᠰᠦᠲᠡᠨ ᠤ ᠰᠢᠶᠠᠩ ᠪᠣᠯᠤᠨ ᠵᠧᠨ ᠰᠢᠩ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠲᠤᠰ ᠲᠤᠰ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠪᠡ᠃ |