ᠫᠢᠩ ᠳ᠋ᠢᠩ ᠮᠢᠶᠤᠤ ᠬᠦᠭᠦᠷᠭᠡ
ᠨᠡᠶᠢᠲᠡᠯᠡᠭᠰᠡᠨ ᠴᠠᠭ᠄
2024/9/18
    ᠫᠢᠩ ᠳ᠋ᠢᠩ ᠮᠢᠶᠤᠤ ᠬᠦᠭᠦᠷᠭᠡ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠪᠣᠯᠣᠨ ᠯᠢᠨᠰᠢ ᠰᠢᠶᠠᠨ ᠤ ᠠᠭᠤᠯᠵᠠᠷ ᠲᠤ ᠪᠠᠶᠢᠭ᠎ᠠ ᠴᠠᠭᠠᠨᠮᠦ᠋ᠷᠠᠨ ᠭᠤᠣᠯ ᠳᠡᠭᠡᠷ᠎ᠡ ᠪᠠᠶᠢᠷᠢᠯᠠᠵᠤ ᠪᠠᠶᠢᠳᠠᠭ᠂ ᠤᠯᠤᠰ ᠤᠨ ᠵᠠᠮ 303 ᠱᠤᠭᠤᠮ ᠤᠨ ᠵᠢᠢ ᠠᠠ ᠠᠴᠠ ᠰᠢᠯᠢᠩᠬᠤᠲᠠ ᠬᠦᠷᠬᠦ ᠵᠠᠰᠠᠮᠠᠯ ᠵᠠᠮ ᠤᠨ ᠳ᠋ᠠᠪᠠᠨ ᠠᠴᠠ ᠯᠢᠨᠰᠢ ᠬᠦᠷᠬᠦ ᠬᠡᠰᠡᠭ ᠳᠡᠭᠡᠷᠡᠬᠢ ᠴᠢᠬᠤᠯᠠ ᠬᠦᠭᠦᠷᠭᠡ ᠮᠦᠨ᠃ ᠪᠦᠬᠦ ᠤᠷᠲᠤ ᠨᠢ 27.2 ᠮᠧᠲᠷ᠃ ᠳᠡᠭᠡᠷ᠎ᠡ ᠬᠡᠰᠡᠭ ᠤᠨ ᠪᠦᠲᠦᠴᠡ ᠨᠢ 2 ᠭᠤᠯᠲᠣᠷᠢᠯ ᠲᠠᠢ᠂ ᠴᠡᠪᠡᠷ ᠠᠯᠭᠠᠰᠠᠯ ᠨᠢ 12.15 ᠮᠧᠳ᠋ᠷ ᠤᠨ ᠳᠦᠭᠦᠮ ᠲᠤᠯᠭᠠᠭᠤᠷᠲᠤ T ᠦᠰᠦᠭ ᠤᠨ ᠬᠡᠯᠪᠡᠷᠢ ᠪᠦᠬᠦᠢ ᠪᠣᠯᠣᠳ ᠨᠢᠷᠤᠭᠤ ᠲᠠᠢ ᠬᠦᠭᠦᠷᠭᠡ ᠪᠠᠶᠢᠵᠤ᠂ ᠳᠣᠣᠷ᠎ᠠ ᠬᠡᠰᠡᠭ ᠤᠨ ᠪᠦᠲᠦᠴᠡ ᠨᠢ ᠴᠢᠯᠠᠭᠤ ᠪᠠᠷ ᠵᠡᠷᠭᠡᠯᠡᠭᠰᠡᠨ ᠬᠦᠨᠳᠦ ᠳᠠᠭᠠᠭᠠᠴᠠᠲᠤ ᠬᠡᠯᠪᠡᠷᠢ ᠶᠢᠨ ᠲᠤᠯᠭᠠᠭᠤᠷ ᠪᠣᠯᠣᠨ᠎ᠡ᠃ ᠬᠦᠭᠦᠷᠭᠡ ᠶᠢᠨ ᠭᠠᠳᠠᠷᠭᠤ ᠶᠢᠨ ᠥᠷᠭᠡᠨ ᠨᠢ 7 ᠮᠧᠲᠷ᠂ ᠲᠡᠷᠭᠡ ᠶᠠᠪᠤᠬᠤ ᠵᠠᠮ ᠤᠨ ᠥᠷᠭᠡᠨ ᠨᠢ 6 ᠮᠧᠳ᠋ᠷ᠂ ᠬᠤᠶᠠᠷ ᠲᠠᠯ᠎ᠠ ᠪᠠᠷ ᠨᠢ ᠲᠣᠰ ᠪᠦᠷᠢ 0.5 ᠮᠧᠲᠷ ᠤᠨ ᠶᠠᠪᠠᠭᠠᠨ ᠬᠦᠮᠦᠨ ᠤ ᠵᠠᠮ ᠭᠠᠷᠭᠠᠵᠠᠢ᠃ ᠪᠠᠷᠢᠮᠵᠢᠶ᠎ᠠ ᠬᠦᠨᠲᠣ ᠶᠢᠨ ᠲᠠᠭᠠᠭᠠᠴᠠ ᠨᠢ ᠮᠠᠰᠢᠨ ᠲᠡᠷᠭᠡ — 10 ᠲᠣᠨ᠂ ᠴᠢᠷᠦᠭᠦᠯ ᠲᠠᠢ ᠲᠡᠷᠭᠡ — 30 ᠲᠣᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠡᠯᠲᠡᠰ ᠤᠨ ᠬᠡᠮᠵᠢᠵᠤ ᠲᠥᠯᠥᠪᠯᠡᠬᠦ ᠶᠡᠷᠦᠩᠬᠡᠢ ᠠᠩᠭᠢ ᠠᠴᠠ ᠵᠢᠷᠤᠵᠤ ᠲᠥᠯᠥᠪᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠬᠡᠯᠲᠡᠰ ᠤᠨ ᠪᠠᠷᠢᠯᠭ᠎ᠠ ᠶᠢᠨ ᠶᠡᠷᠦᠩᠬᠡᠢ ᠠᠩᠭᠢ ᠳᠠᠭᠠᠭᠠᠴᠢᠯᠠᠵᠤ᠂ 1954 ᠣᠨ ᠳᠤ ᠪᠠᠶᠢᠭᠤᠯᠵᠤ ᠳᠠᠭᠤᠰᠬᠠᠪᠠ᠃ 1970 ᠣᠨ ᠳᠤ ᠲᠣᠰ ᠬᠦᠭᠦᠷᠭᠡ ᠶᠢᠨ ᠳᠣᠣᠷᠠᠳᠤ ᠤᠷᠤᠰᠬᠠᠯ ᠳᠤ 59.4 ᠮᠧᠲᠷ ᠤᠨ ᠬᠦᠨᠳᠡᠢ ᠬᠠᠪᠳᠠᠰᠣᠲᠤ ᠬᠦᠭᠦᠷᠭᠡ ᠪᠠᠶᠢᠭᠤᠯᠤᠭᠰᠠᠨ ᠠᠴᠠ ᠰᠡᠭᠦᠯᠡᠷ ᠣᠣᠯ ᠤᠨ ᠫᠢᠩ ᠳ᠋ᠢᠩ ᠮᠢᠶᠤᠤ ᠬᠦᠭᠦᠷᠭᠡ ᠶᠢ ᠨᠣᠷᠠᠭᠠᠭᠰᠠᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ