ᠤᠯᠠᠭᠠᠨᠬᠠᠳᠠ ᠬᠤᠲᠠ ᠶᠢᠨ 2024 ᠣᠨ ᠤ 1 - 8 ᠰᠠᠷ᠎ᠠ ᠶᠢᠨ ᠪᠥᠬᠦ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/9/24
     1 - 8 ᠰᠠᠷ᠎ᠠ ᠳᠤ᠂ ᠪᠦᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 897᠂ 251 ᠲᠦᠮᠡᠨ ᠲᠥᠭᠦᠷᠢᠭ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 8963 ᠲᠦᠮᠡᠨ ᠲᠥᠭᠦᠷᠢᠭ ᠨᠡᠮᠡᠭᠳᠡᠵᠦ᠂ 1% ᠪᠠᠷ ᠨᠡᠮᠡᠭᠳᠡᠵᠦ᠂ ᠵᠢᠯ ᠤᠨ ᠡᠬᠢᠨ ᠤ ᠲᠥᠰᠦᠪ ︵131 ᠳ᠋ᠦᠩᠰᠢᠭᠤᠷ ᠲᠥᠭᠦᠷᠢᠭ︶ ᠤᠨ 68.5% ᠶᠢ ᠪᠡᠶᠡᠯᠡᠭᠦᠯᠪᠡ᠃ ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ 482᠂ 162 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 85᠂ 994 ᠲᠦᠮᠡᠨ ᠲᠥᠭᠦᠷᠢᠭ ᠪᠠᠭᠠᠰᠴᠤ᠂ 15.1% ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 53.7% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 415089 ᠲᠦᠮᠡᠨ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 94. 957 ᠲᠦᠮᠡᠨ ᠲᠥᠭᠦᠷᠢᠭ ᠨᠡᠮᠡᠭᠳᠡᠵᠦ᠂ 29.7% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 46.3% ᠶᠢ ᠡᠵᠡᠯᠡᠪᠡ᠃      ᠪᠦᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠣᠷᠣᠯᠭ᠎ᠠ 227᠂ 054 ᠲᠦᠮᠡᠨ ᠲᠥᠭᠦᠷᠢᠭ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 108᠂ 016 ᠲᠦᠮᠡᠨ ᠲᠥᠭᠦᠷᠢᠭ ᠪᠠᠭᠠᠰᠴᠤ᠂ 32.2% ᠢᠶᠠᠷ ᠪᠠᠭᠤᠷᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ