1 - 8 ᠰᠠᠷ᠎ᠠ ᠳᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠢᠶᠠᠷ ᠶᠠᠪᠤᠭᠳᠠᠵᠤ᠂ ᠭᠤᠣᠯᠳᠠᠯᠭ᠎ᠠ ᠲᠠᠢ ᠠᠵᠢᠯ ᠲᠦᠷᠦᠯ ᠢ ᠢᠯᠡᠳᠲᠡ ᠲᠠᠶᠢᠴᠢᠯᠠᠪᠠ
ᠨᠡᠶᠢᠲᠡᠯᠡᠭᠰᠡᠨ ᠴᠠᠭ᠄
2024/9/24
     1 - 8 ᠰᠠᠷ᠎ᠠ ᠳᠤ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.6% ᠪᠠᠷ ᠨᠡᠮᠡᠭᠳᠡᠪᠡ᠃ ᠭᠤᠷᠪᠠᠨ ᠲᠣᠮᠣ ᠲᠥᠷᠥᠯ ᠠᠴᠠ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ 12.6% ᠨᠡᠮᠡᠭᠳᠡᠵᠦ᠂ ᠦᠢᠯᠡᠳᠬᠦ ᠦᠢᠯᠡᠰ 13.4% ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 0.6% ᠪᠠᠭᠤᠷᠠᠪᠠ᠃ ᠲᠤᠯᠭᠠᠭᠤᠷᠢ ᠠᠵᠢᠯ ᠲᠥᠷᠥᠯ ᠠᠴᠠ ᠠᠪᠴᠤ ᠦᠵᠡᠪᠡᠯ᠂ ᠲᠡᠮᠦᠷᠯᠢᠭ ᠬᠠᠶᠢᠯᠤᠭᠤᠯᠬᠤ ᠠᠵᠢᠯ ᠲᠥᠷᠥᠯ ᠤᠨ ᠨᠡᠮᠡᠭᠳᠡᠯ ᠥᠷᠲᠡᠭ ᠨᠢ 12.2% ᠨᠡᠮᠡᠭᠳᠡᠵᠦ᠂ ᠡᠨᠧᠷᠭᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠨᠢ 2.1% ᠨᠡᠮᠡᠭᠳᠡᠵᠦ᠂ ᠬᠤᠶᠠᠷ ᠠᠵᠢᠯ ᠲᠥᠷᠥᠯ ᠤᠨ ᠬᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 6.4 ᠵᠠᠭᠤᠨ ᠤ ᠴᠡᠭ ᠳᠠᠶᠢᠴᠢᠯᠠᠪᠠ᠃ ᠦᠢᠯᠡᠳᠬᠦᠨ ᠤ ᠭᠠᠷᠤᠯᠲᠠ ᠠᠴᠠ ᠦᠵᠡᠪᠡᠯ᠂ ᠪᠣᠯᠣᠳ ᠮᠠᠲ᠋ᠧᠷᠢᠶᠠᠯ 33.0% ᠨᠡᠮᠡᠭᠳᠡᠵᠦ᠂ ᠠᠷᠪᠠᠨ ᠵᠦᠢᠯ ᠤᠨ ᠥᠩᠭᠡᠲᠦ ᠲᠡᠮᠦᠷᠯᠢᠭ 1.2% ᠪᠠᠭᠤᠷᠠᠵᠤ᠂ ᠲᠠᠸᠠᠷ ᠤᠨ ᠪᠧᠲ᠋ᠣᠨ 7.3% ᠪᠠᠭᠤᠷᠠᠪᠠ᠃ ᠠᠵᠤ ᠠᠬᠤᠢ ᠶᠢᠨ ᠦᠷ᠎ᠡ ᠠᠰᠢᠭ ᠠᠴᠠ ᠦᠵᠡᠪᠡᠯ᠂ 1 - 7 ᠰᠠᠷ᠎ᠠ ᠳᠤ᠂ ᠪᠦᠬᠦ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠡᠵᠡᠩᠨᠡᠯᠲᠡ ᠶᠢᠨ ᠣᠷᠣᠯᠭ᠎ᠠ ᠪᠠᠨ 1172.3 ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 12.2% ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ