1 - 8 ᠰᠠᠷ᠎ᠠ ᠳᠤ ᠵᠠᠬ᠎ᠠ ᠳᠡᠯᠭᠡᠭᠦᠷ ᠤᠨ ᠬᠡᠷᠡᠭᠯᠡᠭᠡ ᠦᠷᠭᠦᠯᠵᠢᠯᠡᠨ ᠰᠠᠶᠢᠵᠢᠷᠠᠵᠤ᠂ ᠭᠠᠳᠠᠭᠠᠳᠤ ᠠᠷᠠᠯᠵᠢᠶ᠎ᠠ ᠲᠦᠷᠭᠡᠨ ᠨᠡᠮᠡᠭᠳᠡᠪᠡ
ᠨᠡᠶᠢᠲᠡᠯᠡᠭᠰᠡᠨ ᠴᠠᠭ᠄
2024/9/24
     1 - 8 ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 408.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ᠃ ᠡᠵᠡᠩᠨᠡᠯᠲᠡ ᠶᠢᠨ ᠨᠢᠭᠡᠴᠢ ᠶᠢᠨ ᠪᠠᠶᠢᠭ᠎ᠠ ᠭᠠᠵᠠᠷ ᠠᠴᠠ ᠦᠵᠡᠪᠡᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 0.7% ᠪᠠᠷ ᠨᠡᠮᠡᠭᠳᠡᠵᠦ᠂ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ 1.6% ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠬᠡᠯᠪᠡᠷᠢ ᠠᠴᠠ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠬᠤ ᠨᠡᠮᠡᠭᠳᠡᠯ 0.1% ᠪᠠᠶᠢᠵᠤ᠂ ᠢᠳᠡᠭᠡᠨ ᠤᠮᠳᠠᠭᠠᠨ ᠤ ᠣᠷᠣᠯᠭ᠎ᠠ 6.9% ᠨᠡᠮᠡᠭᠳᠡᠪᠡ᠃ ᠭᠤᠣᠯ ᠪᠣᠯᠬᠤ ᠲᠠᠸᠠᠷ ᠤᠨ ᠪᠣᠷᠣᠯᠠᠭᠤᠯᠭ᠎ᠠ ᠠᠴᠠ ᠦᠵᠡᠪᠡᠯ᠂ ᠠᠮᠤ ᠪᠤᠳᠠᠭ᠎ᠠ ᠲᠣᠰᠣ ᠢᠳᠡᠭᠡᠨ ᠤ ᠵᠦᠢᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 30.5% ᠪᠠᠷ ᠨᠡᠮᠡᠭᠳᠡᠵᠦ᠂ ᠰᠣᠶᠣᠯ ᠤᠨ ᠠᠯᠪᠠᠨ ᠬᠡᠷᠡᠭᠯᠡᠭᠡᠨ ᠤ ᠵᠦᠢᠯ ᠤᠨ ᠲᠥᠷᠥᠯ 46.5% ᠪᠠᠷ ᠨᠡᠮᠡᠭᠳᠡᠵᠦ᠂ ᠲᠣᠰ ᠲᠣᠰ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ 2.1 ᠪᠠ 0.2 ᠵᠠᠭᠤᠨ ᠤ ᠴᠡᠭ ᠳᠠᠶᠢᠴᠢᠯᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ