| 1 - 8 ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 89.7 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.0% ᠪᠠᠷ ᠨᠡᠮᠡᠭᠳᠡᠪᠡ᠃ ᠡᠭᠦᠨ ᠳᠤ᠂ ᠭᠠᠶᠢᠯᠢ ᠲᠠᠲᠠᠪᠤᠷᠢ ᠶᠢᠨ ᠣᠷᠣᠯᠭ᠎ᠠ 48.2 ᠳ᠋ᠦᠩᠰᠢᠭᠤᠷ ᠲᠥᠭᠦᠷᠢᠭ ᠲᠤ ᠬᠦᠷᠴᠦ᠂ | 15.1% ᠪᠠᠷ ᠪᠠᠭᠤᠷᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 53.7% ᠶᠢ ᠡᠵᠡᠯᠡᠪᠡ︔ ᠭᠠᠶᠢᠯᠢ ᠶᠢᠨ ᠪᠤᠰᠤ ᠣᠷᠣᠯᠭ᠎ᠠ 41.5 | ᠳ᠋ᠦᠩᠰᠢᠭᠤᠷ ᠲᠥᠭᠦᠷᠢᠭ ᠲᠤ ᠬᠦᠷᠴᠦ᠂ 29.7% ᠪᠠᠷ ᠨᠡᠮᠡᠭᠳᠡᠨ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢᠨ 46.3% ᠶᠢ ᠡᠵᠡᠯᠡᠪᠡ᠃ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 380.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9% ᠪᠠᠷ | ᠪᠠᠭᠤᠷᠠᠪᠠ᠃ | 8 ᠳ᠋ᠤᠭᠠᠷ ᠰᠠᠷ᠎ᠠ ᠶᠢᠨ ᠰᠡᠭᠦᠯᠴᠢ ᠪᠠᠷ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ | ᠦᠯᠡᠳᠡᠪᠦᠷᠢ 3857.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.8% ᠪᠠᠷ ᠨᠡᠮᠡᠭᠳᠡᠪᠡ᠃ ᠡᠭᠦᠨ ᠳᠤ᠂ ᠰᠠᠭᠤᠭᠠᠯᠢ | ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ 3189.0 ᠳ᠋ᠦᠩᠰᠢᠭᠤᠷ ᠲᠥᠭᠦᠷᠢᠭ ᠲᠤ ᠬᠦᠷᠴᠦ᠂ 11.0% ᠢᠶᠠᠷ ᠨᠡᠮᠡᠭᠳᠡᠪᠡ᠃ ᠡᠯ᠎ᠡ ᠵᠦᠢᠯ ᠤᠨ | ᠵᠢᠭᠡᠯᠡᠯᠭᠡ ᠶᠢᠨ ᠦᠯᠡᠳᠡᠪᠦᠷᠢ 3189.1 ᠳ᠋ᠦᠩᠰᠢᠭᠤᠷ ᠲᠥᠭᠦᠷᠢᠭ ᠲᠤ ᠬᠦᠷᠴᠦ᠂ 11.2% ᠢᠶᠠᠷ ᠨᠡᠮᠡᠭᠳᠡᠵᠡᠶ᠂ ᠡᠭᠦᠨ ᠳᠤ ᠳᠤᠮᠳᠠ ᠣᠷᠳᠣ ᠬᠤᠭᠤᠴᠠᠭᠠᠨ ᠤ | ᠵᠢᠭᠡᠯᠡᠯᠭᠡ ᠶᠢᠨ ᠦᠯᠡᠳᠡᠪᠦᠷᠢ 2098.9 ᠳ᠋ᠦᠩᠰᠢᠭᠤᠷ ᠲᠥᠭᠦᠷᠢᠭ ᠲᠤ ᠬᠦᠷᠴᠦ᠂ 14.8% ᠪᠠᠷ ᠨᠡᠮᠡᠭᠳᠡᠪᠡ︔ ᠣᠬᠤᠷ ᠬᠤᠭᠤᠴᠠᠭᠠᠨ ᠤ ᠵᠢᠭᠡᠯᠡᠯᠭᠡ ᠶᠢᠨ | ᠦᠯᠡᠳᠡᠪᠦᠷᠢ 1061.9 ᠳ᠋ᠦᠩᠰᠢᠭᠤᠷ ᠲᠥᠭᠦᠷᠢᠭ ᠲᠤ ᠬᠦᠷᠴᠦ᠂ 5.0% ᠨᠡᠮᠡᠭᠳᠡᠪᠡ᠃ |