| | | | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠵᠡᠷᠭᠡ 5 ᠰᠠᠯᠠᠭ᠎ᠠ ᠮᠥᠴᠢᠷ | ︽ᠪᠥᠬᠦ ᠣᠷᠣᠨ ᠤ ᠭᠡᠷ ᠤᠨ ᠬᠠᠭᠤᠴᠢᠨ ᠴᠠᠬᠢᠯᠭᠠᠨ | ᠬᠡᠷᠡᠭᠰᠡᠯ ᠢᠶᠠᠷ ᠰᠢᠨ᠎ᠡ ᠶᠢ ᠰᠣᠯᠢᠬᠤ ᠨᠡᠮᠡᠭᠦᠷᠢ ᠶᠢᠨ | ᠠᠵᠢᠯ ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ᠢ | ᠨᠡᠶᠢᠲᠡᠯᠡᠪᠡ᠃ ᠨᠡᠮᠡᠭᠦᠷᠢ ᠶᠢᠨ ᠵᠦᠢᠯ ᠤᠨ ᠲᠠᠯ᠎ᠠ ᠪᠠᠷ᠂ | ᠬᠡᠷᠡᠭᠯᠡᠭᠴᠢ ᠬᠤᠪᠢ ᠬᠥᠮᠦᠨ ᠲᠧᠯᠸᠢᠰ᠂ ᠠᠭᠠᠷ | ᠲᠣᠬᠢᠷᠠᠭᠤᠯᠤᠭᠴᠢ᠂ ᠤᠲᠤᠭ᠎ᠠ ᠰᠣᠷᠣᠬᠤ ᠮᠠᠰᠢᠨ ᠵᠡᠷᠭᠡ 15 | ᠲᠥᠷᠥᠯ ᠤᠨ ᠦᠢᠯᠡᠳᠬᠦᠨ ᠬᠤᠳᠠᠯᠳᠤᠨ ᠠᠪᠬᠤ ᠳᠤ ᠨᠢ ᠨᠡᠮᠡᠭᠦᠷᠢ | ᠣᠯᠭᠤᠨ᠎ᠠ᠃ ᠨᠥᠬᠦᠴᠡᠯ ᠲᠠᠢ ᠠᠶᠢᠮᠠᠭ ᠬᠤᠲᠠ ᠶᠢᠨ ᠬᠢᠨ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ | ᠲᠣᠬᠢᠷᠠᠭᠤᠯᠤᠨ ᠪᠠᠭᠤᠳᠠᠯ ᠤᠨ ᠲᠧᠯᠸᠢᠰ ᠤᠨ ᠦᠵᠦᠭᠦᠷ ᠢ | ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠶᠢᠨ ᠨᠡᠮᠡᠭᠦᠷᠢ ᠣᠯᠭᠤᠬᠤ ᠬᠡᠪᠴᠢᠶᠡᠨ ᠳᠤ | ᠣᠷᠣᠭᠤᠯᠬᠤ ᠶᠢ ᠵᠣᠷᠢᠭᠵᠢᠭᠤᠯᠬᠤ ᠬᠡᠷᠡᠭᠲᠡᠶ᠃ ᠨᠡᠮᠡᠭᠦᠷᠢ | ᠣᠯᠭᠤᠬᠤ ᠪᠠᠷᠢᠮᠵᠢᠶ᠎ᠠ ᠶᠢᠨ ᠲᠠᠯ᠎ᠠ ᠪᠠᠷ᠂ ᠬᠡᠷᠡᠭᠯᠡᠭᠴᠢ | ᠬᠤᠪᠢ ᠬᠥᠮᠦᠨ ᠬᠤᠶᠠᠳᠤᠭᠠᠷ ᠳᠡᠰ ᠵᠢᠴᠢ ᠲᠡᠭᠦᠨ ᠠᠴᠠ | ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ | ᠠᠰᠢᠭᠯᠠᠮᠵᠢ ᠶᠢᠨ ᠪᠠᠷᠢᠮᠵᠢᠶ᠎ᠠ ᠲᠠᠢ ᠬᠡᠷ ᠤᠨ ᠴᠠᠬᠢᠯᠭᠠᠨ | ᠬᠡᠷᠡᠭᠰᠡᠯ ᠤᠨ ᠦᠢᠯᠡᠳᠭᠦᠨ ᠢ ᠬᠤᠳᠠᠯᠳᠤᠨ ᠠᠪᠤᠪᠠᠯ᠂ | ᠨᠡᠮᠡᠭᠦᠷᠢ ᠣᠯᠭᠤᠬᠤ ᠪᠠᠷᠢᠮᠵᠢᠶ᠎ᠠ ᠨᠢ ᠦᠢᠯᠡᠳᠬᠦᠨ ᠤ ᠬᠠᠮᠤᠭ | ᠡᠴᠦᠰ ᠤᠨ ᠪᠤᠷᠤᠯᠠᠭᠤᠯᠤᠭᠰᠠᠨ ᠦᠨ᠎ᠡ ᠬᠠᠩᠰᠢ ᠶᠢᠨ 15%᠂ | ᠨᠢᠭᠡᠳᠦᠭᠡᠷ ᠳᠡᠰ ᠵᠢᠴᠢ ᠲᠡᠭᠦᠨ ᠠᠴᠠ ᠳᠡᠭᠡᠭᠰᠢᠬᠢ | ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ | ᠪᠠᠷᠢᠮᠵᠢᠶ᠎ᠠ ᠪᠠ ᠬᠡᠷ ᠤᠨ ᠴᠠᠬᠢᠯᠭᠠᠨ ᠬᠡᠷᠡᠭᠰᠡᠯ ᠤᠨ | ᠦᠢᠯᠡᠳᠭᠦᠨ ᠢ ᠬᠤᠳᠠᠯᠳᠤᠨ ᠠᠪᠤᠪᠠᠯ᠂ ᠦᠢᠯᠡᠳᠭᠦᠨ ᠤ ᠬᠠᠮᠤᠭ | ᠡᠴᠦᠰ ᠤᠨ ᠪᠣᠷᠣᠯᠠᠭᠤᠯᠬᠤ ᠦᠨ᠎ᠡ ᠬᠠᠩᠰᠢ ᠶᠢᠨ 5% ᠪᠠᠷ | ᠢᠯᠡᠭᠦᠴᠡ ᠨᠡᠮᠡᠭᠦᠷᠢ ᠣᠯᠭᠤᠨ᠎ᠠ᠃ ᠬᠡᠷᠡᠭᠯᠡᠭᠴᠢᠳ | ᠨᠢᠭᠡᠪᠦᠷᠢ ᠶᠢᠨ ᠨᠢᠭᠡ ᠲᠦᠷᠦᠯ ᠤᠨ ᠦᠢᠯᠡᠳᠭᠦᠨ ᠤ | ᠨᠢᠭᠡ ᠳᠤ ᠨᠢ ᠨᠡᠮᠡᠭᠦᠷᠢ ᠣᠯᠭᠤᠵᠦ᠂ ᠵᠦᠢᠯ ᠪᠦᠷᠢ ᠶᠢᠨ | ᠨᠡᠮᠡᠭᠦᠷᠢ ᠨᠢ 2000 ᠲᠥᠭᠦᠷᠢᠭ ᠠᠴᠠ ᠳᠠᠪᠠᠭᠤᠯᠬᠤ ᠥᠬᠡᠶ᠂ | ᠨᠡᠮᠡᠭᠦᠷᠢ ᠣᠯᠭᠤᠬᠤ ᠬᠤᠭᠤᠴᠠᠭ᠎ᠠ ᠶᠢ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ | ︵ᠬᠤᠳᠠᠯᠳᠤᠭᠠᠨ ᠤ ᠶᠠᠪᠤᠳᠠᠯ ᠤᠨ ᠲᠢᠩᠬᠢᠮ︶ | | | |