| 9 ᠰᠠᠷ᠎ᠠ ᠶᠢᠨ 24 ᠤ ᠡᠳᠦᠷ᠂ ᠪᠡᠭᠡᠵᠢᠩ ᠲᠢᠶᠠᠨᠵᠢᠨ ᠤ ᠠᠵᠤ ᠦᠢᠯᠡᠰ ᠤᠨ ᠭᠠᠷ ᠠᠳᠬᠤᠨ ᠵᠣᠯᠭᠠᠭᠤᠯᠬᠤ ᠵᠥᠪᠳᠡᠯᠴᠡᠭᠡᠨ ᠤ ᠬᠤᠷᠠᠯ ᠵᠢᠴᠢ ᠬᠠᠮᠲᠤᠷᠠᠨ | ᠠᠷᠠᠯᠵᠢᠶᠠᠴᠢᠨ ᠤᠷᠢᠵᠤ ᠲᠠᠨᠢᠯᠴᠠᠭᠤᠯᠬᠤ ᠬᠤᠷᠠᠯ ᠲᠢᠶᠠᠨᠵᠢᠨ ᠬᠤᠲᠠ ᠶᠢᠨ ᠦ᠋ ᠴᠢᠩ ᠲᠣᠭᠤᠷᠢᠭ ᠲᠤ ᠶᠠᠪᠤᠭᠳᠠᠪᠠ᠃ ᠲᠣᠰ ᠤᠳᠠᠭᠠᠨ ᠤ ᠠᠵᠢᠯᠯᠠᠭ᠎ᠠ ᠨᠢ ︽ | ᠪᠡᠭᠡᠵᠢᠩ ᠲᠢᠶᠠᠨᠵᠢᠨ ᠬᠤᠶᠠᠷ ᠬᠤᠲᠠ ᠶᠢᠨ ᠠᠵᠤ ᠠᠬᠤᠶᠢᠯᠠᠯ ᠪᠠ ᠵᠠᠬ᠎ᠠ ᠳᠡᠯᠭᠡᠭᠦᠷ ᠲᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠪᠠᠶᠢᠭᠤᠯᠵᠤ᠂ ᠪᠡᠭᠡᠵᠢᠩ | ᠲᠢᠶᠠᠨᠵᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠵᠢᠯᠴᠠᠭ᠎ᠠ ᠪᠠ ᠠᠵᠤ ᠦᠢᠯᠡᠰ ᠤᠨ ᠰᠢᠰᠲ᠋ᠧᠮ ᠤᠨ ᠠᠭᠤᠰᠤᠯᠴᠠᠯ ᠢ ᠬᠦᠴᠦᠯᠡᠨ | ᠠᠬᠢᠭᠤᠯᠪᠠ᠃ ᠮᠠᠨ ᠤ ᠬᠤᠲᠠ ᠪᠡᠭᠡᠵᠢᠩ ᠲᠢᠶᠠᠨᠵᠢᠨ ᠾᠧᠪᠸᠢ ᠶᠢ ᠲᠣᠭᠤᠷᠢᠭᠰᠠᠨ ᠴᠢᠬᠤᠯᠠ ᠵᠠᠩᠭᠢᠯᠠᠭ᠎ᠠ ᠶᠢᠨ ᠬᠤᠲᠠ ᠪᠣᠯᠤᠭᠰᠠᠨ ᠤ ᠬᠤᠪᠢ ᠳᠤ ᠤᠷᠢᠯᠭ᠎ᠠ ᠪᠠᠷ | ᠬᠤᠷᠠᠯ ᠳᠡᠭᠡᠷ᠎ᠡ ᠲᠠᠨᠢᠯᠴᠠᠭᠤᠯᠭ᠎ᠠ ᠬᠢᠪᠡ᠃ | ᠲᠣᠰ ᠤᠳᠠᠭᠠᠨ ᠤ ᠵᠥᠪᠳᠡᠯᠴᠡᠭᠡᠨ ᠤ ᠬᠤᠷᠠᠯ ᠨᠢ ᠪᠡᠭᠡᠵᠢᠩ ᠲᠢᠶᠠᠨᠵᠢᠨ ᠤ ᠬᠠᠮᠲᠤᠷᠠᠯᠴᠠᠭᠠᠨ ᠤ ᠬᠡᠷᠡᠭ ᠤᠨ ᠵᠢᠱᠢᠶ᠎ᠡ ᠶᠢ ᠨᠡᠶᠢᠲᠡᠯᠡᠬᠦ᠂ ᠬᠠᠮᠵᠢᠯᠴᠠᠬᠤ ᠨᠠᠷᠢᠨ | ᠬᠠᠭᠤᠳᠠᠰᠤ ᠶᠢ ᠨᠡᠶᠢᠲᠡᠯᠡᠬᠦ᠂ ᠬᠠᠮᠲᠤᠷᠠᠯᠴᠠᠭᠠᠨ ᠤ ᠲᠥᠷᠥᠯ ᠵᠦᠢᠯ ᠤᠨ ᠭᠡᠷ᠎ᠡ ᠲᠣᠭᠲᠠᠬᠤ᠂ ᠭᠤᠤᠯᠳᠠᠯᠭ᠎ᠠ ᠲᠠᠢ ᠬᠦᠷᠢᠶᠡᠨ ᠤ ᠬᠠᠩᠭᠠᠯᠭ᠎ᠠ ᠬᠡᠷᠡᠭᠴᠡᠭᠡ ᠶᠢ | ᠵᠣᠯᠭᠠᠭᠤᠯᠬᠤ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠤᠬᠠᠭᠤᠯᠤᠨ ᠲᠠᠨᠢᠯᠴᠠᠭᠤᠯᠬᠤ ᠵᠡᠷᠭᠡ ᠭᠤᠭᠴᠤᠭ᠎ᠠ ᠪᠠ ᠠᠭᠤᠯᠭ᠎ᠠ ᠶᠢ ᠪᠠᠶᠢᠷᠢᠯᠠᠭᠤᠯᠪᠠ᠃ | ᠲᠤᠬᠠᠶ ᠶᠢᠨ ᠲᠠᠯᠠᠪᠠᠶ ᠳᠤ ︽ᠪᠡᠭᠡᠵᠢᠩ ᠲᠢᠶᠠᠨᠵᠢᠨ ᠤ ᠤᠯᠤᠰ ᠤᠨ ᠲᠠᠰ ᠤᠨ ᠰᠢᠯᠢᠳᠡᠭ ᠨᠡᠪᠴᠢᠭᠦᠯᠦᠭᠦᠷ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠵᠣᠯᠭᠠᠭᠤᠯᠬᠤ ᠨᠠᠷᠢᠨ ᠬᠠᠭᠤᠳᠠᠰᠤ︾᠂ ︽︿ᠪᠡᠭᠡᠵᠢᠩ ᠤᠨ ᠲᠤᠭ᠎ᠠ ᠶᠢ ᠲᠢᠶᠠᠨᠵᠢᠨ ᠪᠤᠳᠤᠬᠤ﹀ ᠶᠢᠨ ᠠᠷᠠᠯᠵᠢᠶᠠᠨ ᠤ ᠦᠢᠯᠡᠳᠬᠦᠨ ᠤ ᠨᠠᠷᠢᠨ | ᠬᠠᠭᠤᠳᠠᠰᠤ︾ ᠵᠢᠴᠢ ᠪᠡᠭᠡᠵᠢᠩ ᠲᠢᠶᠠᠨᠵᠢᠨ ᠤ ᠠᠵᠤ ᠦᠢᠯᠡᠰ ᠤᠨ ᠬᠠᠮᠲᠤᠷᠠᠯᠴᠠᠭ᠎ᠠ᠂ ᠬᠠᠮᠵᠢᠯᠴᠠᠨ ᠰᠢᠨ᠎ᠡ ᠶᠢ ᠡᠭᠦᠳᠬᠦ᠂ ᠮᠥᠩᠭᠦᠨ ᠭᠦᠢᠯᠭᠡᠭᠡᠨ ᠤ ᠴᠢᠳᠠᠪᠤᠷᠢ | ᠣᠯᠭᠤᠬᠤ ᠵᠡᠷᠭᠡ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠪᠡᠭᠡᠵᠢᠩ ᠲᠢᠶᠠᠨᠵᠢᠨ ᠬᠤᠶᠠᠷ ᠬᠤᠲᠠ ᠶᠢᠨ ᠬᠠᠮᠵᠢᠯᠴᠠᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠬᠠᠮᠵᠢᠯᠴᠠᠭ᠎ᠠ ᠪᠠᠨ ᠴᠢᠩᠭᠠᠳᠬᠠᠬᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ - ᠠᠵᠤ ᠦᠢᠯᠡᠰ - ᠮᠥᠩᠭᠦᠨ ᠭᠦᠢᠯᠭᠡᠭᠡᠨ︾ ᠤ ᠰᠠᠶᠢᠨ | ᠣᠷᠴᠢᠯ ᠢ ᠠᠬᠢᠭᠤᠯᠬᠤ ᠵᠡᠷᠭᠡ ᠲᠠᠯ᠎ᠠ ᠶᠢᠨ ᠦᠷ᠎ᠡ ᠪᠦᠲᠦᠮᠵᠢ ᠪᠠ ᠢᠷᠡᠭᠡᠳᠦᠶ ᠶᠢ ᠭᠦᠢᠴᠡᠳ ᠢᠯᠡᠷᠡᠭᠦᠯᠪᠡ᠃ ᠪᠡᠭᠡᠵᠢᠩ ᠲᠢᠶᠠᠨᠵᠢᠨ ᠾᠧᠪᠸᠢ ᠶᠢᠨ ᠳᠡᠭᠡᠳᠦ | ᠲᠡᠰ ᠤᠨ ᠲᠤᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠤᠯᠪᠣᠭ᠎ᠠ᠂ ᠪᠡᠭᠡᠵᠢᠩ ᠲᠢᠶᠠᠨᠵᠢᠨ ᠾᠧᠪᠸᠢ ᠶᠢᠨ ᠠᠮᠢᠳᠤ ᠪᠣᠳᠠᠰ ᠤᠨ ᠡᠮ | ᠡᠮᠨᠡᠯᠭᠡ ᠶᠢᠨ ᠠᠵᠤ ᠦᠢᠯᠡᠰ ᠤᠨ ᠬᠡᠯᠬᠢᠶ᠎ᠡ ᠶᠢᠨ ᠬᠤᠯᠪᠣᠭ᠎ᠠ᠂ ᠵᠦᠩ ᠭᠤᠸᠠᠨ ᠼᠦᠨ ᠤ ᠰᠢᠨ᠎ᠡ ᠪᠠᠷ ᠮᠠᠨᠳᠤᠭᠰᠠᠨ ᠬᠦᠷᠢᠶᠡᠨ ᠤ ᠲᠤᠰᠬᠠᠢ ᠰᠡᠳᠦᠪᠲᠦ | ᠤᠷᠤᠯᠳᠤᠭᠠᠨ ᠤ ᠲᠤᠰᠬᠠᠢ ᠵᠥᠪᠯᠡᠯ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢ | ᠨᠡᠶᠢᠲᠡᠯᠡᠵᠦ᠂ ᠵᠦᠩ ᠭᠤᠸᠠᠨ ᠼᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠬᠠᠢ ᠳ᠋ᠢᠶᠠᠨ ᠬᠦᠷᠢᠶᠡᠯᠡᠩ᠂ ᠲᠦᠩᠵᠸᠤ ᠶᠢᠨ | ᠬᠦᠷᠢᠶᠡᠯᠡᠩ᠂ ᠦ᠋ ᠴᠢᠩ ᠪᠡᠭᠡᠵᠢᠩ ᠲᠢᠶᠠᠨᠵᠢᠨ ᠤ ᠠᠵᠤ ᠦᠢᠯᠡᠰ ᠤᠨ ᠰᠢᠨ᠎ᠡ ᠬᠤᠳᠠ᠂ ᠵᠦᠩ ᠰᠢᠨ ᠢᠦᠢ ᠭᠠᠩ ᠤᠯᠤᠰ ᠤᠨ ᠭᠤᠣᠯᠯᠠᠭᠴᠢ ᠬᠦᠢᠳᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠵᠡᠷᠭᠡ ᠠᠵᠤ ᠦᠢᠯᠡᠰ ᠤᠨ ᠬᠦᠷᠢᠶᠡᠯᠡᠩ ᠲᠣᠭᠤᠷᠢᠭ ᠪᠣᠯᠤᠨ ᠤᠯᠠᠭᠠᠨᠬᠠᠳᠠ ᠬᠤᠳᠠ ᠶᠢᠨ ᠠᠷᠠᠳ ᠤᠨ | ᠵᠠᠰᠠᠭ ᠤᠨ ᠣᠷᠳᠣᠨ ᠲᠤᠬᠠᠢ ᠶᠢᠨ ᠲᠠᠯᠠᠪᠠᠢ ᠳᠤ ᠲᠠᠨᠢᠯᠴᠠᠭᠤᠯᠭ᠎ᠠ ᠬᠢᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠤᠯᠠᠭᠠᠨᠬᠠᠳᠠ ᠶᠢᠨ | ᠰᠢᠨ᠎ᠡ ᠡᠨᠧᠷᠭᠢ ᠶᠢᠨ ᠠᠵᠤ ᠦᠢᠯᠡᠰ ᠤᠨ ᠳᠠᠯᠳᠠ ᠬᠦᠴᠦᠨ ᠯᠤᠲᠤ ᠶᠡᠭᠡ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ ᠳᠡᠯᠪᠡᠭ᠂ ᠰᠣᠶᠣᠯ | ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠳᠠᠪᠠᠭᠤᠯᠢᠭ ᠣᠨᠴᠠᠯᠢᠭ ᠢᠯᠡᠷᠬᠡᠢ᠂ ᠲᠥᠷᠥ ᠶᠢᠨ ᠪᠣᠳᠣᠯᠭ᠎ᠠ ᠳᠤ ᠵᠣᠬᠢᠴᠠᠯᠳᠤᠭᠰᠠᠨ ᠣᠯᠠᠨ ᠳᠠᠪᠬᠤᠷ ᠠᠰᠢᠭᠲᠠᠢ᠂ | ᠠᠯᠤᠰ ᠢᠷᠡᠭᠡᠳᠦᠶ ᠥᠷᠭᠡᠨ ᠪᠠᠶᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠪᠥᠬᠦ ᠲᠠᠯ᠎ᠠ ᠪᠠᠷ ᠪᠦᠷᠢᠨ ᠭᠦᠢᠴᠡᠳ ᠪᠠᠶᠢᠨ᠎ᠠ᠃ ᠲᠣᠰ | ᠤᠳᠠᠭᠠᠨ ᠤ ︽ᠪᠡᠭᠡᠵᠢᠩ ᠲᠢᠶᠠᠨᠵᠢᠨ ᠤ ᠠᠵᠤ ᠦᠢᠯᠡᠰ ᠤᠨ ᠭᠠᠷ ᠠᠳᠬᠤᠬᠤ︾ ᠰᠠᠶᠢᠨ ᠠᠵᠠ ᠲᠣᠬᠢᠶᠠᠯ ᠢ ᠠᠰᠢᠭᠯᠠᠨ᠂ ᠣᠯᠠᠨ ᠳᠤ ᠤᠯᠠᠭᠠᠨᠬᠠᠳᠠ ᠶᠢ ᠨᠠᠩ | ᠭᠦᠨᠵᠡᠭᠡᠶ ᠣᠶᠢᠯᠠᠭᠠᠭᠤᠯᠵᠤ᠂ ᠤᠯᠠᠭᠠᠨᠬᠠᠳᠠ ᠶᠢ ᠬᠥᠲᠥᠯᠥᠨ ᠳᠠᠭᠠᠭᠤᠯᠵᠤ ᠤᠯᠤᠰ ᠤᠨ ᠳᠣᠲᠣᠭᠠᠳᠤ ᠭᠠᠳᠠᠭᠠᠳᠤ ᠶᠢᠨ ᠲᠣᠮᠣ ᠵᠠᠬ᠎ᠠ ᠳᠡᠯᠭᠡᠭᠦᠷ ᠲᠠᠢ ᠭᠦᠨᠵᠡᠭᠡᠶ | ᠵᠣᠯᠭᠠᠭᠤᠯᠵᠤ᠂ ᠨᠠᠩ ᠭᠦᠨ ᠳᠠᠪᠬᠤᠷᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠬᠤ ᠪᠠᠨ ᠢᠯᠡᠳᠬᠡᠪᠡ᠃ | ᠵᠥᠪᠳᠡᠯᠴᠡᠭᠡᠨ ᠤ ᠬᠤᠷᠠᠯ ᠤᠨ ᠬᠤᠭᠤᠴᠠᠭᠠᠨ ᠳᠤ᠂ ᠮᠠᠨ ᠤ ᠬᠤᠲᠠ ᠶᠢᠨ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠨᠢᠩᠴᠧᠩ ᠰᠢᠶᠠᠨ᠂ | ᠠᠤᠬᠠᠨ ᠬᠤᠰᠢᠭᠤ᠂ ᠰᠦᠩᠱᠠᠨ ᠲᠣᠭᠤᠷᠢᠭ 6 ᠲᠥᠷᠥᠯ ᠵᠦᠢᠯ ᠤᠨ ᠭᠡᠷ᠎ᠡ ᠲᠣᠭᠲᠠᠵᠤ᠂ 18.45 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ | ᠪᠡᠶᠡᠯᠡᠭᠦᠯᠪᠡ᠃ | |