︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ | | ᠵᠢᠷᠭᠤᠭᠠᠨ ᠢᠨᠵᠧᠨᠧᠷᠢᠩ ᠄ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠦᠭᠦᠳᠡ ᠬᠤᠷᠠᠯ ᠵᠢᠴᠢ ᠪᠦᠬᠦ | ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠᠷ ᠳᠤᠷᠠᠳᠪᠠ᠂ ᠳᠠᠷᠤᠢ ᠭᠠᠵᠠᠷ ᠣᠷᠣᠨ ᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠬᠦ ᠶᠢ ᠰᠡᠷᠭᠡᠶᠢᠯᠡᠵᠦ ᠴᠦᠯᠦᠷᠬᠡᠭᠵᠢᠯ ᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠵᠢᠴᠢ | ᠭᠡᠷᠡᠯ ᠴᠡᠨᠡᠭ ᠤᠨ ᠡᠨᠧᠷᠭᠢ ᠶᠢᠨ ᠨᠢᠭᠡ ᠴᠣᠭᠵᠢᠭᠤᠯᠤᠭᠰᠠᠨ ᠢᠨᠵᠧᠨᠧᠷᠢᠩ᠂ ᠬᠢᠯᠢ ᠬᠢᠵᠠᠭᠠᠷ ᠣᠷᠣᠨ ᠢ ᠳᠤᠯᠠᠭᠠᠴᠠᠭᠤᠯᠬᠤ ᠢᠨᠵᠧᠨᠧᠷᠢᠩ᠂ ᠬᠢᠯᠢ ᠬᠢᠵᠠᠭᠠᠷ ᠣᠷᠣᠨ | ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠵᠢᠷᠭᠤᠭᠠᠨᠢᠨᠵᠧᠨᠧᠷᠢᠩ ᠢ ᠵᠢᠭᠠᠵᠤ ᠪᠤᠢ᠃ | | | ᠵᠠᠰᠠᠮᠠᠯ ᠵᠠᠮ ᠠᠴᠠ ᠲᠡᠮᠦᠷ ᠵᠠᠮ ᠲᠡᠶᠢᠰᠢ ᠰᠢᠯᠵᠢᠬᠦ ᠄ ᠲᠡᠮᠦᠷ ᠵᠠᠮ ᠤᠨ ᠲᠡᠭᠡᠭᠡᠪᠦᠷᠢ ᠪᠠᠷ ᠬᠡᠰᠡᠭ ᠵᠠᠰᠠᠮᠠᠯ ᠵᠠᠮ ᠤᠨ ᠲᠡᠭᠡᠭᠡᠪᠦᠷᠢ ᠶᠢ ᠣᠷᠤᠯᠠᠭᠤᠯᠵᠤ᠂ ᠪᠠᠷᠠᠭᠠᠨ ᠤ | ᠭᠦᠢᠯᠭᠡᠭᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠪᠠ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠪᠠᠷ ᠬᠡᠯᠪᠡᠷᠢ ᠬᠤᠪᠢᠷᠠᠭᠤᠯᠬᠤ ᠶᠢ ᠵᠢᠭᠠᠵᠤ | ᠪᠤᠢ ᠃ | | | ︽TIR︾ ᠰᠢᠰᠲ᠋ᠧᠮ᠄ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠣᠯᠠᠨ ᠤᠯᠤᠰ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠨᠡᠶᠢᠲᠡ ᠶᠢᠨ ᠭᠡᠷ᠎ᠡ︾ | ᠶᠢᠨ ᠲᠣᠭᠲᠠᠭᠠᠯ ᠶᠣᠰᠣᠭᠠᠷ ᠥᠷᠨᠢᠭᠦᠯᠦᠭᠰᠡᠨ ᠬᠢᠯᠢ ᠠᠯᠤᠰᠯᠠᠭᠰᠠᠨ ᠵᠠᠰᠠᠮᠠᠯ ᠵᠠᠮ ᠤᠨ ᠲᠡᠭᠡᠭᠡᠪᠦᠷᠢ ᠶᠢᠨ ᠪᠠᠷᠠᠭᠠᠨ ᠤ ᠭᠦᠢᠯᠭᠡᠭᠡᠨ ᠤ ᠵᠠᠭᠪᠤᠷ᠂ ᠪᠥᠬᠦ ᠶᠠᠪᠤᠴᠠ ᠳᠤ | ᠲᠡᠷᠭᠡ ᠰᠣᠯᠢᠬᠤ ᠥᠬᠡᠶ ᠪᠠᠷᠠᠭ᠎ᠠ ᠪᠠᠭᠤᠯᠭᠠᠬᠤ ᠥᠬᠡᠶ᠂ ︽ᠨᠢᠭᠡ ᠲᠡᠷᠭᠡ ᠶᠢ ᠡᠴᠦᠰ ᠲᠤᠨᠢ ᠲᠤᠯᠲᠠᠯ᠎ᠠ ᠶᠠᠪᠤᠭᠤᠯᠬᠤ ︾᠂ ︽ᠡᠭᠦᠳᠡᠨ ᠠᠴᠠ ᠡᠭᠦᠳᠡᠨ ᠳᠤ ᠬᠦᠷᠬᠦ︾ | ︽ᠴᠡᠭ ᠠᠴᠠ ᠴᠡᠭ ᠲᠤ ᠬᠦᠷᠬᠦ︾ ᠲᠡᠭᠡᠭᠡᠪᠦᠷᠢ ᠶᠢ ᠪᠡᠶᠡᠯᠡᠭᠦᠯᠵᠦ᠂ ᠴᠠᠭ ᠤᠨ ᠥᠪᠡᠷ ᠤᠨ ᠥᠷᠲᠡᠭ ᠢ ᠪᠠᠭᠤᠷᠠᠭᠤᠯᠤᠨ᠂ ᠠᠷᠠᠯᠵᠢᠶᠠᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠵᠢᠭᠠᠵᠤ ᠪᠤᠢ ᠃ | | | ᠣᠯᠠᠨ ᠲᠥᠯᠥᠪᠵᠢᠭᠦᠯᠭᠡ ᠶᠢ ᠨᠢᠭᠡᠳᠬᠡᠬᠦ᠄ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ ᠬᠤᠲᠠ ᠶᠢᠨ ᠶᠡᠷᠦᠩᠬᠡᠶ | ᠲᠥᠯᠥᠪᠵᠢᠭᠦᠯᠭᠡ᠂ ᠭᠠᠵᠠᠷ ᠰᠢᠷᠣᠶ ᠠᠰᠢᠭᠯᠠᠬᠤ ᠶᠡᠷᠦᠩᠬᠡᠶ ᠲᠥᠯᠥᠪᠵᠢᠭᠦᠯᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠵᠡᠷᠭᠡ ᠣᠯᠠᠨ | ᠲᠥᠯᠥᠪᠵᠢᠭᠦᠯᠭᠡ ᠶᠢ ᠠᠭᠤᠰᠤᠯᠴᠠᠭᠤᠯᠤᠨ ᠨᠢᠭᠡᠳᠬᠡᠬᠦ ᠶᠢ ᠵᠢᠭᠠᠵᠤ ᠪᠤᠢ ᠃ | ᠰᠠᠭᠤᠷᠢ ᠰᠤᠷᠭᠠᠨ ᠬᠥᠮᠦᠵᠢᠯ ᠤᠨ ︽1+3︾ ᠢ ᠨᠡᠪᠲᠡᠷᠡᠭᠦᠯᠬᠦ ᠬᠡᠯᠪᠡᠷᠢ ᠪᠠᠷ ᠨᠢᠭᠡ ᠴᠣᠭᠴᠠᠵᠢᠭᠤᠯᠤᠨ ᠬᠥᠮᠦᠵᠢᠭᠦᠯᠬᠦ ᠄ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠤᠶᠠᠳᠤᠭᠠᠷ ᠣᠨ ᠳᠤ ᠣᠨᠴᠠᠭᠠᠶ ᠳᠠᠪᠠᠭᠤᠯᠢᠭ ᠲᠠᠢ ᠰᠤᠷᠤᠭᠴᠢᠳ ᠢ ᠰᠢᠯᠢᠨ ᠰᠣᠩᠭᠤᠵᠤ ᠬᠥᠮᠦᠵᠢᠭᠦᠯᠵᠦ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ 1 ᠵᠢᠯ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 3 ᠵᠢᠯ ᠤᠨ ᠬᠢᠴᠢᠶᠡᠯ ᠢ ᠨᠢᠭᠡᠳᠦᠯᠲᠡᠶ ᠲᠥᠯᠥᠪᠯᠡᠨ᠂ ᠬᠢᠴᠢᠶᠡᠯ ᠤᠨ ᠬᠠᠷᠠᠯᠲᠠ᠂ | ᠬᠢᠴᠢᠶᠡᠯ ᠤᠨ ᠠᠭᠤᠯᠭ᠎ᠠ ᠪᠠ ᠴᠢᠳᠠᠪᠤᠷᠢ ᠶᠢ ᠬᠥᠮᠦᠵᠢᠭᠦᠯᠬᠦ ᠭᠤᠷᠪᠠ ᠶᠢ ᠨᠡᠪᠲᠡᠷᠡᠭᠦᠯᠬᠦ ᠶᠢ ᠪᠡᠶᠡᠯᠡᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠢᠴᠢᠶᠡᠯ ᠢ ᠵᠡᠷᠭᠡ ᠳᠤᠨᠢ ᠡᠮᠬᠢᠯᠡᠨ ᠨᠡᠶᠢᠯᠡᠭᠦᠯᠵᠦ᠂ ᠨᠢᠭᠡ ᠴᠣᠭᠴᠠᠵᠢᠭᠤᠯᠤᠨ ᠬᠥᠮᠦᠵᠢᠭᠦᠯᠬᠦ ᠶᠢ ᠪᠡᠶᠡᠯᠡᠭᠦᠯᠬᠦ ᠶᠢ ᠵᠢᠭᠠᠵᠤ ᠪᠣᠶ᠃ | | | DIP ᠲᠣᠭᠠᠴᠠᠭ᠎ᠠ ᠬᠢᠬᠦ ᠥᠭᠡᠷᠡᠴᠢᠯᠡᠯᠲᠡ ᠄ DIP ᠲᠣᠭᠠᠴᠠᠭ᠎ᠠ ᠬᠢᠬᠦ ᠶᠢᠨ ᠪᠦᠬᠦᠯᠢ ᠨᠡᠷᠡᠶᠢᠳᠦᠯ ᠨᠢ ︽ᠣᠷᠣᠨ ᠪᠦᠰᠡ ᠶᠢᠨ ᠴᠡᠭ ᠤᠨ ᠲᠣᠭᠠᠨ ᠤ ᠠᠷᠭ᠎ᠠ ᠶᠢᠨ | ᠶᠡᠷᠦᠩᠬᠡᠶ ᠲᠣᠭᠠᠨ ᠤ ᠲᠥᠰᠦᠪ ᠪᠠ ᠡᠪᠡᠳᠴᠢᠨ ᠤ ᠲᠥᠷᠥᠯ ᠤᠨ ᠬᠤᠪᠢ ᠶᠢᠨ ᠥᠷᠲᠡᠭ ᠢᠶᠠᠷ ᠵᠠᠷᠤᠳᠠᠯ ᠲᠤᠰᠢᠶᠠᠬᠤ︾ ᠪᠣᠯᠤᠨ᠎ᠠ ᠂ ᠡᠨᠡ ᠨᠢ ᠲᠣᠮᠣ ᠳ᠋ᠠᠶᠢᠲ᠋ᠠ ᠶᠢᠨ | ᠳᠠᠪᠠᠭᠤᠯᠢᠭ ᠢ ᠠᠰᠢᠭᠯᠠᠨ ᠪᠦᠷᠢᠨ ᠪᠦᠲᠦᠨ ᠵᠠᠷᠤᠯᠭ᠎ᠠ ᠶᠢᠨ ᠰᠢᠰᠲ᠋ᠧᠮ ᠢ ᠪᠠᠶᠢᠭᠤᠯᠵᠤ᠂ ᠡᠮᠴᠢᠯᠡᠭᠡᠨ ᠤ ᠳᠠᠭᠠᠳᠬᠠᠯ ᠤᠨ ᠮᠥᠩᠭᠦ ᠥᠭᠬᠦ ᠠᠰᠠᠭᠤᠳᠠᠯ ᠢ | ᠰᠢᠢᠳᠪᠦᠷᠢᠯᠡᠬᠦ ᠂ ᠡᠮᠴᠢᠯᠡᠭᠡᠨ ᠤ ᠳᠠᠭᠠᠳᠬᠠᠯ ᠤᠨ ᠲᠥᠯᠦᠪᠦᠷᠢ ᠥᠭᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢᠨ ᠴᠢᠬᠤᠯᠠ ᠪᠦᠷᠢᠯᠳᠦᠬᠦᠨ | ᠬᠡᠰᠡᠭ ᠪᠣᠯᠤᠨ᠎ᠠ᠃ | ᠠᠷᠪᠠᠨ ᠶᠡᠭᠡ ᠠᠵᠢᠯᠯᠠᠭ᠎ᠠ᠄ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ | ᠠᠬᠤᠶ ᠶᠢᠨ ᠠᠵᠢᠯ ᠤᠨ ᠬᠤᠷᠠᠯ ᠠᠴᠠ᠂ 2025 ᠣᠨ ᠠᠴᠠ ᠡᠬᠢᠯᠡᠨ ᠲᠤᠯᠭᠠᠭᠤᠷᠢᠯᠠᠬᠤ ᠴᠢᠨᠠᠷᠲᠠᠶ᠂ ᠬᠥᠲᠥᠯᠦᠨ ᠳᠠᠭᠠᠭᠤᠯᠬᠤ ᠴᠢᠨᠠᠷᠲᠠᠶ ᠪᠠ ᠳᠠᠶᠢᠴᠢᠯᠠᠬᠤ | ᠴᠢᠨᠠᠷᠲᠠᠶ ︽ᠠᠵᠤ ᠦᠢᠯᠡᠳᠪᠦᠷᠢ ᠶᠢᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾᠂ ︽ᠠᠭᠤᠷᠬᠠᠶ ᠬᠠᠶᠢᠬᠤ ᠰᠢᠪᠲᠤᠯᠤᠯᠲᠠ ᠶᠢᠨ ᠠᠵᠢᠯᠯᠠᠭ᠎ᠠ︾᠂ ︽ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ︾᠂ ︽ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ ᠶᠢ ᠠᠭᠤᠰᠤᠯᠴᠠᠭᠤᠯᠬᠤ ᠠᠵᠢᠯᠯᠠᠭ᠎ᠠ︾᠂ ︽ | ᠴᠢᠬᠤᠯᠠ ᠶᠡᠭᠡ ᠲᠥᠷᠥᠯ ᠵᠦᠢᠯ ᠤᠨ ᠬᠥᠲᠥᠯᠦᠨ ᠳᠠᠭᠠᠭᠤᠯᠬᠤ ᠠᠵᠢᠯᠯᠠᠭ᠎ᠠ︾᠂ ︽ ᠠᠷᠠᠯᠵᠢᠶᠠᠴᠢᠨ ᠤᠷᠢᠵᠤ ᠪᠠᠯᠠ ᠲᠠᠲᠠᠬᠤ ᠶᠢ ᠥᠷᠭᠡᠳᠬᠡᠬᠦ ᠠᠵᠢᠯᠯᠠᠭ᠎ᠠ︾᠂ ︽ | ᠬᠤᠲᠠ ᠶᠢᠨ ᠴᠢᠳᠠᠮᠵᠢ ᠶᠢ ᠲᠠᠰ ᠳᠡᠪᠰᠢᠭᠦᠯᠬᠦ ᠠᠵᠢᠯᠯᠠᠭ᠎ᠠ︾᠂ ︽ᠰᠤᠷᠭᠠᠨ ᠬᠥᠮᠦᠵᠢᠯ ᠡᠮ ᠡᠮᠨᠡᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾᠂ ︽ | ᠬᠤᠶᠠᠷ ᠶᠡᠭᠡ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ︾ ᠤ ᠪᠣᠭᠤᠮᠲᠠ ᠰᠢᠪᠲᠤᠯᠬᠤ ᠠᠵᠢᠯᠯᠠᠭ᠎ᠠ︾ ᠶᠢ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ᠃ | | | ᠨᠢᠭᠡ ᠵᠢᠱᠢᠶ᠎ᠡ ᠦᠵᠡᠭᠦᠯᠬᠦ ᠣᠷᠣᠨ᠂ ᠲᠠᠪᠤᠨ ᠠᠵᠤ ᠦᠢᠯᠡᠰ ᠤᠨ ᠰᠠᠭᠤᠷᠢᠨ ᠭᠠᠵᠠᠷ᠄ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠡᠨᠧᠷᠭᠢ ᠶᠢᠨ | ᠬᠡᠷᠡᠭᠯᠡᠭᠡᠨ ᠤ ᠵᠢᠱᠢᠶ᠎ᠡ ᠦᠵᠡᠭᠦᠯᠬᠦ ᠣᠷᠣᠨ ᠢ ᠪᠠᠢᠭᠤᠯᠬᠤ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠮᠠᠰᠢᠨ ᠴᠣᠭᠴᠠᠯᠠᠪᠤᠷᠢ ᠶᠢᠨ 4000 | ᠲᠦᠮᠡᠨ ᠺᠢᠯᠣᠸᠠᠲ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠥᠨᠳᠥᠷ ᠠᠴᠢᠶᠠᠯᠠᠭᠴᠢ ᠡᠨᠧᠷᠭᠢ ᠶᠢᠨ | ᠠᠵᠤ ᠦᠢᠯᠡᠰ ᠢ ᠵᠣᠯᠭᠠᠭᠤᠯᠬᠤ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠤᠰᠤᠲᠥ᠋ᠷᠥᠭᠴᠢ ᠡᠨᠧᠷᠭᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠬᠡᠷᠡᠭᠯᠡᠭᠡᠨ ᠤ ᠰᠠᠭᠤᠷᠢᠨ ᠭᠠᠵᠠᠷ᠂ ᠥᠪᠥᠷ ᠮᠣᠩᠭᠤᠯ ᠤᠨ ᠵᠡᠭᠦᠨ ᠬᠡᠰᠡᠭ ᠤᠨ ᠡᠨᠧᠷᠭᠢ ᠬᠠᠳᠠᠭᠠᠯᠠᠬᠤ ᠠᠵᠤ ᠦᠢᠯᠡᠰ ᠤᠨ ᠰᠠᠭᠤᠷᠢᠨ ᠭᠠᠵᠠᠷ᠂ ᠥᠪᠥᠷ | ᠮᠣᠩᠭᠤᠯ ᠤᠨ ᠵᠡᠭᠦᠨ ᠬᠡᠰᠡᠭ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠭᠠᠵᠠᠷ ᠢ | ᠪᠠᠢᠭᠤᠯᠬᠤ ᠶ᠋ᠢ ᠵᠢᠭᠠᠵᠤ ᠪᠤᠢ ᠃ | ᠵᠢᠷᠭᠤᠭᠠᠨ ᠨᠢᠭᠡ ᠪᠦᠯᠦᠭ᠄ ︽ᠤᠯᠠᠭᠠᠨᠬᠠᠳᠠ ᠬᠤᠲᠠ ᠶᠢᠨ 2025 ᠣᠨ ᠤ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠳᠤ ᠠᠭᠤᠷᠬᠠᠢ ᠶᠢᠨ ᠦᠢᠯᠡᠰ ᠤᠨ ᠠᠵᠤ ᠠᠬᠤᠢ ᠶᠢ ᠬᠥᠭᠵᠢᠭᠦᠯᠬᠦ ︽ᠵᠢᠷᠭᠤᠭᠠᠨ ᠨᠢᠭᠡ ᠪᠦᠯᠦᠭ︾ ᠤᠨ | ᠰᠡᠳᠬᠢᠮᠵᠢ ᠶᠢ ᠳᠤᠷᠠᠳᠤᠨ ᠭᠠᠷᠭᠠᠪᠠ᠂ ᠪᠣᠳᠠᠲᠠᠢ ᠪᠠᠷ ᠨᠢᠭᠡ ᠪᠦᠯᠦᠭ ᠢ ᠨᠢ ᠰᠢᠯᠢᠳᠡᠭᠵᠢᠬᠦᠯᠦᠨ ᠰᠣᠩᠭᠤᠵᠤ ᠰᠢᠯᠵᠢᠭᠦᠯᠦᠨ ᠬᠤᠳᠠᠯᠳᠤᠵᠣ᠂ | ᠨᠢᠭᠡ ᠪᠦᠯᠦᠭ ᠢ ᠨᠢ ᠰᠢᠯᠵᠢᠭᠦᠯᠦᠨ ᠮᠠᠯᠲᠠᠬᠤ ᠶᠢ ᠠᠬᠢᠭᠤᠯᠵᠤ᠂ ᠨᠢᠭᠡ ᠪᠦᠯᠦᠭ ᠢ ᠨᠢ ᠰᠢᠯᠢᠳᠡᠭᠵᠢᠭᠦᠯᠦᠨ ᠨᠡᠶᠢᠳᠬᠡᠵᠦ᠂ ᠨᠢᠭᠡ ᠪᠦᠯᠦᠭ ᠢ ᠨᠢ ᠠᠭᠤᠷᠬᠠᠢ ᠬᠠᠶᠢᠵᠤ | ᠬᠠᠳᠠᠭᠠᠯᠠᠬᠤ ᠬᠡᠮᠵᠢᠶ᠎ᠡ ᠶᠢ ᠨᠢ ᠨᠡᠮᠡᠭᠳᠡᠭᠦᠯᠵᠦ᠂ ᠨᠢᠭᠡ ᠪᠦᠯᠦᠭ ᠢ ᠨᠢ ᠦᠢᠯᠡᠳᠪᠦᠷᠢᠯᠡᠯ ᠰᠡᠷᠭᠦᠭᠡᠨ ᠭᠠᠷᠤᠯᠲᠠ ᠶ᠋ᠢᠨ ᠬᠡᠮᠵᠢᠶᠡᠨ ᠳᠤ | ᠬᠦᠷᠭᠡᠵᠦ᠂ ᠨᠢᠭᠡ ᠪᠦᠯᠦᠭ ᠢ ᠬᠠᠭᠠᠬᠤ ᠶ᠋ᠢ ᠵᠢᠭᠠᠵᠤ ᠪᠤᠢ᠃ | | | ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠡᠭᠴᠡ ᠡᠯᠭᠦᠭᠡ ᠡᠨᠧᠷᠭᠢ ᠬᠠᠳᠠᠭᠠᠯᠠᠬᠤ ᠰᠢᠰᠲ᠋ᠧᠮ᠄ ᠨᠢᠭᠡ ᠵᠦᠢᠯ ᠤᠨ ᠴᠠᠬᠢᠯᠭᠠᠨ ᠬᠦᠴᠦᠨ ᠤ ᠰᠢᠰᠲ᠋ᠧᠮ ᠳᠤ | ᠬᠡᠷᠡᠭᠯᠡᠬᠦ ᠮᠡᠷᠭᠡᠵᠢᠯ ᠤᠨ ᠪᠦᠲᠦᠴᠡ᠂ ᠰᠢᠰᠲ᠋ᠧᠮ ᠤᠨ ᠴᠠᠬᠢᠯᠭᠠᠨ ᠬᠦᠴᠦᠳᠡᠯ ᠤᠨ ᠳᠡᠰ ᠵᠡᠷᠭᠡ ᠨᠢ ᠥᠨᠳᠥᠷ᠂ ᠳᠠᠩ ᠮᠠᠰᠢᠨ ᠤ ᠪᠠᠭᠲᠠᠭᠠᠮᠵᠢ ᠨᠢ ᠶᠡᠭᠡ᠂ | ᠰᠣᠯᠪᠢᠴᠠᠬᠤ ᠲᠣᠭᠲᠠᠮᠠᠯ ᠭᠦᠶᠦᠳᠡᠯ ᠵᠡᠷᠭᠡᠴᠡᠨ ᠬᠣᠯᠪᠤᠬᠤ ᠲᠤᠭ᠎ᠠ ᠨᠢ ᠴᠥᠭᠡᠨ᠂ ᠨᠡᠪᠲᠡᠷᠡᠯᠭᠡ ᠶᠢᠨ ᠱᠠᠲᠤ ᠳᠠᠪᠬᠤᠷᠭ᠎ᠠ ᠨᠢ | ᠴᠥᠭᠡᠨ ᠵᠡᠷᠭᠡ ᠣᠨᠴᠠᠯᠢᠭ ᠲᠠᠢ ᠪᠠᠶᠢᠵᠤ᠂ ᠲᠣᠮᠣ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠣᠤᠷ ᠲᠤ ᠨᠡᠶᠢᠯᠡᠭᠦᠯᠬᠦ ᠬᠡᠷᠡᠭᠴᠡᠭᠡ ᠶᠢ | ᠬᠠᠩᠭᠠᠵᠤ᠂ ᠴᠡᠪᠡᠷ ᠡᠨᠧᠷᠭᠢ ᠶᠢᠨ ᠠᠰᠢᠭᠯᠠᠮᠵᠢ ᠶᠢᠨ ᠨᠣᠷᠮ᠎ᠠ ᠪᠣᠯᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠶ ᠶᠤᠮ᠃ | | | ᠨᠡᠮᠡᠭᠳᠡᠯ ᠴᠠᠬᠢᠯᠭᠠᠨ ᠲᠦᠭᠡᠭᠡᠬᠦ ᠲᠣᠤᠷ᠄ ᠴᠠᠬᠢᠯᠭᠠᠨ ᠬᠦᠴᠦᠨ ᠤ ᠰᠢᠰᠲ᠋ᠧᠮ ᠤᠨ ᠠᠶᠤᠯ ᠦᠭᠡᠶ ᠲᠣᠭᠲᠠᠭᠤᠨ ᠢᠶᠠᠷ ᠠᠵᠢᠯᠯᠠᠬᠤ ᠪᠠ ᠨᠠᠶᠢᠳᠠᠪᠤᠷᠢᠲᠠᠶ ᠴᠠᠬᠢᠯᠭᠠᠨ | ᠬᠠᠩᠭᠠᠬᠤ ᠤᠷᠢᠲᠠᠯ ᠳᠣᠤᠷ᠎ᠠ᠂ ᠴᠠᠬᠢᠯᠭᠠᠨ ᠲᠣᠤᠷ ᠤᠨ ᠠᠵᠤ ᠠᠬᠤᠶᠢᠯᠠᠯ ᠤᠨ ᠦᠯᠡᠳᠡᠭᠡᠯ ᠡᠳ᠋ ᠬᠥᠷᠥᠩᠭᠡ ᠠᠴᠠ ᠪᠤᠰᠤᠳ᠂ ᠰᠢᠨ᠎ᠡ ᠪᠠᠷ ᠪᠠᠶᠢᠭᠤᠯᠬᠤ ᠪᠠ | ᠠᠵᠢᠯᠯᠠᠭᠤᠯᠵᠤ ᠪᠠᠶᠢᠭ᠎ᠠ ᠴᠠᠬᠢᠯᠭᠠᠨ ᠲᠦᠭᠡᠭᠡᠬᠦ ᠲᠣᠤᠷ ᠤᠨ ᠪᠡᠯᠡᠳᠬᠡᠮᠵᠢ ᠪᠠ ᠦᠢᠯᠡᠴᠢᠯᠡᠯᠭᠡ ᠮᠦᠨ᠂ ᠣᠳᠣ ᠪᠠᠶᠢᠭ᠎ᠠ ᠴᠠᠬᠢᠯᠭᠠᠨ | ᠲᠦᠭᠡᠭᠡᠬᠦ ᠲᠣᠤᠷ ᠲᠤ ᠨᠥᠬᠦᠪᠦᠷᠢᠯᠡᠨ ᠥᠷᠭᠡᠳᠬᠡᠭᠰᠡᠨ ᠬᠡᠰᠡᠭ ᠴᠠᠬᠢᠯᠭᠠᠨ ᠲᠦᠭᠡᠭᠡᠬᠦ ᠲᠣᠤᠷ ᠢ ᠵᠢᠭᠠᠵᠤ ᠪᠤᠢ ᠃ | | | ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠤᠷᠰᠢᠯᠴᠠᠭᠠᠨ ᠤ ᠥᠭᠡᠷᠡᠴᠢᠯᠡᠯᠲᠡ᠄ ᠰᠢᠶᠠᠩ ᠤᠨ ᠱᠠᠲᠤᠨ ᠤ ᠦᠢᠯᠡᠳᠪᠦᠷᠢᠯᠡᠬᠦ᠂ ᠬᠠᠩᠭᠠᠨ | ᠪᠣᠷᠣᠯᠠᠭᠤᠯᠬᠤ᠂ ᠢᠲᠡᠭᠡᠮᠵᠢ ᠶᠢᠨ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠤᠷᠰᠢᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠦᠲᠦᠭᠡᠨ | ᠪᠠᠶᠢᠭᠤᠯᠵᠤ᠂ ᠲᠠᠷᠢᠶᠠᠴᠢᠨ ᠮᠠᠯᠴᠢᠳ ᠲᠤ ᠦᠢᠯᠡᠳᠪᠦᠷᠢᠯᠡᠬᠦ᠂ ᠬᠠᠩᠭᠠᠨ ᠪᠣᠷᠣᠯᠠᠭᠤᠯᠬᠤ᠂ ᠢᠲᠡᠭᠡᠮᠵᠢ ᠶᠢᠨ ᠦᠢᠯᠡᠴᠢᠯᠡᠭᠡᠨ ᠬᠠᠩᠭᠠᠬᠤ ᠶᠢ ᠵᠢᠭᠠᠵᠤ ᠪᠤᠶ᠃ | | | ︽ᠭᠤᠷᠪᠠᠨ ᠡᠷᠬᠡ ᠶᠢ ᠰᠠᠯᠭᠠᠨ ᠪᠠᠶᠢᠷᠢᠯᠠᠭᠤᠯᠬᠤ ︾ ᠥᠭᠡᠷᠡᠴᠢᠯᠡᠯᠲᠡ ᠄ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠳᠠᠭᠠᠭᠠᠴᠢᠯᠠᠯᠲᠠ ᠶᠢᠨ ᠡᠷᠬᠡ ᠪᠠ | ᠡᠵᠡᠩᠨᠡᠯᠲᠡ ᠶᠢᠨ ᠡᠷᠬᠡ ᠪᠣᠯᠭᠠᠨ ᠬᠤᠪᠢᠶᠠᠵᠤ᠂ ᠥᠮᠴᠢᠯᠡᠬᠦ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠰᠠᠯᠭᠠᠨ | ᠪᠠᠶᠢᠷᠢᠯᠠᠭᠤᠯᠬᠤ ᠶᠢ ᠵᠢᠭᠠᠵᠤ ᠪᠤᠶ᠂ ᠲᠠᠷᠢᠶᠠᠯᠠᠩ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠬᠤ ᠪᠣᠯ ᠭᠡᠷ ᠪᠦᠯᠢ ᠶᠢᠨ ᠬᠤᠷᠢᠶᠠᠯᠲᠠ ᠲᠠᠢ ᠨᠢ ᠬᠤᠯᠪᠣᠭᠳᠠᠭᠤᠯᠤᠨ | ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠤᠨ ᠳᠠᠷᠠᠭᠠᠬᠢ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠪᠠᠰᠠ ᠨᠢᠭᠡᠨ ᠴᠢᠬᠤᠯᠠ ᠶᠡᠭᠡ ᠳᠦᠷᠢᠮ ᠤᠨ | ᠡᠭᠦᠳᠦᠯᠲᠡ ᠪᠣᠯᠤᠨ᠎ᠠ ᠃ | | | ᠲᠠᠪᠤᠨ ᠶᠡᠭᠡ ᠰᠣᠶᠣᠯ ᠵᠢᠭᠤᠯᠴᠢᠯᠠᠯ ᠤᠨ IP᠄ ᠳᠠᠯᠠᠶᠢᠨᠠᠭᠤᠷ ᠤᠨ ᠡᠪᠦᠯ ᠤᠨ ᠵᠢᠭᠠᠰᠤᠨ ᠠᠩᠨᠠᠯ ᠤᠨ ᠰᠣᠶᠣᠯ᠂ ᠬᠤᠩᠱᠠᠨ ᠰᠣᠶᠣᠯ᠂ ᠬᠠᠰ ᠯᠤᠤ ᠡᠯᠡᠰᠦᠨ | ᠨᠠᠭᠤᠷ ᠤᠨ ︽ᠡᠯᠡᠰᠦᠨ ᠴᠥᠯ ᠤᠨ ᠪᠠᠭᠠᠲᠤᠷᠯᠢᠭ ᠬᠤᠸᠠᠷᠠᠨ ︾᠂ ᠮᠡᠶᠢᠷᠡᠨ ᠭᠤᠤ ᠶᠢᠨ ᠮᠥᠰᠥ ᠴᠠᠰᠤᠨ ᠤ ᠨᠠᠶᠢᠷ ᠴᠤᠭᠯᠠᠭᠠᠨ ᠂ ᠠᠷᠤ ᠬᠤᠷᠴᠢᠨ ᠬᠤᠰᠢᠭᠤᠨ ᠤ | ᠨᠡᠭᠦᠳᠡᠯ ᠰᠣᠶᠣᠯ ᠵᠡᠷᠭᠡ ᠲᠠᠪᠤᠨ ᠶᠡᠭᠡ ᠣᠨᠴᠠᠯᠢᠭᠲᠤ ᠰᠣᠶᠣᠯ ᠵᠢᠭᠤᠯᠴᠢᠯᠠᠯ ᠤᠨ IP ᠶᠢ ᠡᠭᠦᠳᠬᠦ ᠶᠢ ᠵᠢᠭᠠᠵᠤ ᠪᠤᠢ ᠃ | | | ᠵᠢᠭᠤᠯᠴᠢᠯᠠᠯ ᠤᠨ ᠳᠥᠷᠪᠡᠨ ᠭᠠᠵᠠᠷ᠄ ᠳᠠᠷᠤᠢ ︽ᠥᠪᠡᠷ ᠢᠶᠠᠨ ᠲᠡᠷᠭᠡ ᠵᠢᠯᠣᠭᠤᠳᠤᠨ ᠵᠢᠭᠤᠯᠴᠢᠯᠠᠬᠤ ᠲᠡᠷᠢᠭᠦᠨ ᠰᠣᠩᠭᠤᠯᠲᠠ ᠭᠠᠵᠠᠷ︾᠂ ︽ᠬᠡᠭᠡᠷ᠎ᠡ ᠪᠠᠭᠤᠳᠠᠯᠯᠠᠬᠤ | ᠰᠣᠳᠤᠨ ᠰᠣᠩᠭᠤᠯᠲᠠ ᠭᠠᠵᠠᠷ︾᠂ ︽ᠠᠮᠠᠷᠠᠯᠲᠠ ᠪᠠᠷ ᠵᠢᠭᠤᠯᠴᠢᠯᠠᠬᠤ ᠡᠷᠬᠡᠪᠰᠢ ᠰᠣᠩᠭᠤᠬᠤ ᠭᠠᠵᠠᠷ︾᠂ | ︽ᠡᠷᠡᠭᠦᠯᠵᠢᠯ ᠰᠤᠪᠢᠯᠠᠯᠲᠠ ᠵᠢᠭᠤᠯᠴᠢᠯᠠᠯ ᠤᠨ ᠰᠢᠯᠢᠳᠡᠭ ᠰᠣᠩᠭᠤᠯᠲᠠ ᠭᠠᠵᠠᠷ︾ ᠢ ᠵᠢᠭᠠᠵᠤ ᠪᠤᠢ ᠃ | | | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠤᠭᠯᠠᠷᠠᠯ ᠄ ᠥᠪᠥᠷ ᠮᠣᠩᠭᠤᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ︽ ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ | ᠠᠵᠢᠯᠯᠠᠭ᠎ᠠ ᠶᠢᠨ ᠲᠡᠰ ᠳᠡᠪᠰᠢᠭᠰᠡᠨ ᠬᠡᠪ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠡᠷᠦᠩᠬᠡᠢ | ᠲᠠᠪᠴᠠᠩ ᠮᠥᠨ᠃ | | | ︽ ᠵᠠᠷᠯᠠᠯ ᠨᠡᠶᠢᠲᠡᠯᠡᠵᠦ ᠬᠤᠰᠢᠭᠤᠷᠠᠨ ᠠᠵᠢᠯᠯᠠᠬᠤ︾ ᠲᠥᠷᠥᠯ ᠵᠦᠢᠯ ᠄ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠨᠡᠶᠢᠭᠡᠮ ᠳᠤ | ᠬᠠᠨᠳᠤᠭᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠤᠭᠯᠠᠭᠤᠯᠵᠤ ᠲᠣᠬᠢᠷᠠᠭᠤᠯᠬᠤ ᠶᠢ ᠵᠢᠭᠠᠵᠤ ᠪᠤᠶ᠃ | | | ᠨᠢᠭᠡ ᠭᠤᠣᠯ ᠬᠤᠣᠰ ᠴᠠᠭᠠᠷᠢᠭ ᠳᠥᠷᠪᠡᠨ ᠨᠡᠪᠲᠡᠷᠡᠬᠦ ᠄ ᠪᠦᠬᠦ ᠬᠤᠲᠠ ᠶᠢᠨ ᠴᠠᠬᠢᠯᠭᠠᠨ ᠲᠣᠣᠷ ᠤᠨ ᠪᠦᠷᠢᠯᠳᠦᠴᠡ ᠶᠢᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ | ᠲᠥᠯᠥᠪᠵᠢᠭᠦᠯᠭᠡ᠂ ︽ᠨᠢᠭᠡ ᠭᠤᠣᠯ︾ ᠨᠢ 500 ᠺᠢᠯᠣᠸᠠᠲ ᠤᠨ ᠴᠠᠬᠢᠯᠭᠠᠨ ᠬᠦᠴᠦᠳᠡᠯ ᠤᠨ ᠳᠡᠰ ᠢᠶᠠᠷ ᠭᠤᠣᠯ ᠲᠣᠣᠷ ᠤᠨ ᠪᠦᠷᠢᠯᠳᠦᠴᠡ᠂ ︽ᠬᠤᠣᠰ | ᠴᠠᠭᠠᠷᠢᠭ︾ ᠨᠢ 220 ᠺᠢᠯᠣᠸᠠᠲ ᠤᠨ ᠴᠠᠬᠢᠯᠭᠠᠨ ᠬᠦᠴᠦᠳᠡᠯ ᠤᠨ ᠳᠡᠰ ᠢᠶᠠᠷ ᠲᠤᠯᠭᠠᠭᠤᠷᠯᠠᠭᠰᠠᠨ ᠡᠮᠦᠨ᠎ᠡ ᠤᠮᠠᠷ᠎ᠠ ᠬᠤᠶᠠᠷ ᠴᠠᠭᠠᠷᠢᠭ ᠬᠡᠯᠪᠡᠷᠢᠲᠦ ᠲᠣᠣᠷ ᠤᠨ | ᠪᠦᠲᠦᠴᠡ᠂ ︽ᠲᠦᠷᠪᠡᠨ ᠨᠡᠪᠲᠡᠷᠡᠬᠦ︾ ᠶᠠᠪᠤᠳᠠᠯ ᠪᠣᠯ ᠳᠠᠷᠤᠢ ᠤᠯᠠᠭᠠᠨᠬᠠᠳᠠ ᠬᠤᠲᠠ ᠶᠢᠨ ᠬᠤᠯᠠᠨ ᠰᠢᠷᠭ᠎ᠠ ᠳᠠᠷᠤᠭ᠎ᠠ ᠠᠴᠠ ᠪᠡᠭᠡᠵᠢᠩ ᠲᠢᠶᠠᠨᠵᠢᠨ ᠾᠧᠪᠸᠢ | ᠬᠦᠷᠲᠡᠯᠡᠬᠢ + 800 ᠺᠢᠯᠣᠸᠠᠲ ᠤᠨ ᠲᠣᠭᠲᠠᠮᠠᠯ ᠭᠥᠶᠥᠳᠡᠯᠳᠦ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠳᠠᠮᠵᠢᠭᠤᠯᠬᠤ ᠪᠠᠷ ᠭᠤᠣᠯ ᠪᠣᠯᠭᠠᠭᠰᠠᠨ | ᠪᠠ 3 ᠵᠤᠷᠪᠤᠰ ᠲᠣᠣᠷ ᠤᠨ ᠬᠤᠭᠤᠷᠣᠨᠳᠣᠬᠢ ᠬᠠᠷᠢᠯᠴᠠᠨ ᠬᠤᠯᠪᠣᠯᠳᠤᠭᠰᠠᠨ 500 ᠺᠢᠯᠤᠸᠤᠯᠲ ᠤᠨ ᠴᠠᠬᠢᠯᠭᠠᠨ ᠬᠦᠷᠭᠡᠬᠦ ᠨᠡᠪᠲᠡᠷᠡᠯ ᠵᠠᠮ ᠢᠶᠠᠷ ᠬᠠᠪᠰᠤᠷᠤᠮᠵᠢ | ᠪᠣᠯᠭᠠᠭᠰᠠᠨ ᠰᠦᠯᠵᠢᠶᠡᠨ ᠤ ᠰᠢᠰᠲ᠋ᠧᠮ ᠢ ᠵᠢᠭᠠᠵᠤ ᠪᠤᠶ᠃ | | | ᠬᠠᠷ᠎ᠠ ᠬᠥᠷᠥᠰᠥᠲᠦ ᠲᠠᠷᠢᠶᠠᠨ ᠭᠠᠵᠠᠷ ᠢ ᠡᠵᠡᠯᠡᠪᠡᠯ ᠨᠥᠬᠦᠪᠦᠷᠢᠯᠡᠬᠦ᠌ ᠄ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠨᠢ ᠬᠠᠷ᠎ᠠ ᠬᠥᠷᠥᠰᠥᠲᠦ ᠲᠠᠷᠢᠶᠠᠨ ᠭᠠᠵᠠᠷ ᠢ ᠡᠵᠡᠯᠡᠬᠦ ᠶᠢ ᠴᠢᠩᠭ᠎ᠠ ᠬᠢᠵᠠᠭᠠᠷᠯᠠᠵᠤ᠂ ᠦᠨᠡᠨᠬᠦ ᠡᠵᠡᠯᠡᠨ ᠬᠡᠷᠡᠭᠯᠡᠬᠦ ᠴᠢᠬᠤᠯᠠ ᠲᠠᠢ ᠪᠣᠯ ᠬᠠᠤᠯᠢ | ᠶᠣᠰᠣᠭᠠᠷ ᠴᠢᠩᠭ᠎ᠠ ᠬᠢᠨᠠᠨ ᠵᠥᠪᠰᠢᠶᠡᠷᠡᠬᠦ ᠶᠢᠨ ᠬᠠᠮᠲᠤ ᠲᠤᠭ᠎ᠠ ᠬᠡᠮᠵᠢᠶ᠎ᠡ ᠪᠠ ᠶᠠᠰᠤ ᠴᠢᠨᠠᠷ ᠢᠶᠠᠷ ᠲᠡᠩᠴᠡᠭᠦᠦ ᠲᠠᠷᠢᠶᠠᠨ ᠭᠠᠵᠠᠷ ᠢ ᠨᠥᠬᠦᠪᠥᠷᠢᠯᠡᠬᠦ ᠶᠢ ᠵᠢᠭᠠᠵᠤ ᠪᠤᠶ᠃ | | | ᠨᠡᠭᠦᠷᠡᠰᠦᠲᠥ᠋ᠷᠥᠭᠴᠢ ᠶᠢᠨ ᠤᠯᠠ ᠮᠥᠷ᠄ ᠬᠤᠪᠢ ᠬᠥᠮᠦᠨ᠂ ᠵᠣᠬᠢᠶᠠᠨ ᠪᠠᠶᠢᠭᠤᠯᠤᠯᠲᠠ᠂ ᠦᠢᠯᠡᠳᠬᠦᠨ ᠪᠤᠶᠤ ᠤᠯᠤᠰ ᠠᠴᠠ ᠵᠣᠬᠢᠬᠤ ᠴᠠᠭ ᠬᠤᠭᠤᠴᠠᠭᠠᠨ ᠤ | ᠳᠣᠲᠣᠷ᠎ᠠ ᠰᠢᠭᠤᠳ ᠪᠤᠶᠤ ᠳᠠᠮ ᠠᠴᠠ ᠪᠣᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠭᠠᠳᠠᠭᠰᠢᠯᠠᠭᠤᠯᠬᠤ ᠬᠡᠮᠵᠢᠶ᠎ᠡ ᠶᠢ ᠬᠡᠮᠵᠢᠬᠦ ᠳᠤ ᠬᠡᠷᠡᠭᠯᠡᠬᠦ | ᠭᠦᠢᠴᠡᠳᠬᠡᠯ ᠲᠤᠭ᠎ᠠ ᠪᠣᠯᠤᠨ᠎ᠠ᠃ | | | ᠤᠰᠤ ᠪᠠᠷ ᠳᠥᠷᠪᠡ ᠶᠢ ᠲᠣᠭᠲᠠᠭᠠᠬᠤ ᠄ ᠤᠰᠤ ᠪᠠᠷ ᠬᠤᠳᠠ ᠶᠢ ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠦᠨ ᠢ ᠲᠣᠭᠲᠠᠭᠠᠵᠤ᠂ | ᠤᠰᠤ ᠪᠠᠷ ᠭᠠᠷᠤᠯᠲᠠ ᠶᠢ ᠲᠣᠭᠲᠠᠭᠠᠬᠤ ᠶᠢ ᠵᠢᠭᠠᠵᠤ ᠪᠤᠶ᠃ | | | ᠬᠤᠶᠠᠷ ᠥᠨᠳᠥᠷ ᠬᠤᠶᠠᠷ ᠰᠢᠯᠢᠳᠡᠭ ᠄ ︽ᠬᠤᠶᠠᠷ ᠥᠨᠳᠥᠷ︾ ᠪᠣᠯ ᠳᠠᠷᠤᠢ ᠥᠨᠳᠥᠷ ᠬᠢᠷᠢ ᠲᠦᠪᠰᠢᠨ ᠪᠦᠬᠦᠢ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠪᠠ ᠥᠨᠳᠥᠷ ᠬᠢᠷᠢ ᠲᠦᠪᠰᠢᠨ ᠪᠦᠬᠦᠢ ᠲᠤᠰᠬᠠᠢ ᠮᠡᠷᠭᠡᠵᠢᠯ ᠤᠨ ᠰᠦᠷᠦᠭᠵᠢᠯ ᠂ ︽ᠬᠤᠶᠠᠷ ᠰᠢᠯᠢᠳᠡᠭ︾ ᠪᠣᠯ ᠳᠠᠷᠤᠢ ᠴᠢᠨᠠᠷ ᠰᠠᠶᠢᠲᠠᠢ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠴᠢᠨᠠᠷ ᠰᠠᠶᠢᠲᠠᠢ ᠲᠤᠰᠬᠠᠢ ᠮᠡᠷᠭᠡᠵᠢᠯ ᠢ ᠵᠢᠭᠠᠵᠤ ᠪᠤᠶ ᠃ | | | ᠬᠤᠲᠠ ᠶᠢᠨ ᠠᠯᠲᠠᠨ ᠥᠨᠴᠥᠭ ᠮᠥᠩᠭᠦᠨ ᠬᠦᠪᠡᠭᠡ ᠶᠢᠨ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠄ ᠬᠤᠲᠠ ᠶᠢᠨ ᠬᠤᠳᠠᠯᠳᠤᠭᠠᠨ ᠤ ᠪᠡᠯᠡᠳᠬᠡᠮᠵᠢ᠂ ᠬᠠᠭᠤᠴᠢᠨ | ᠦᠢᠯᠡᠳᠪᠦᠷᠢ ᠶᠢᠨ ᠪᠠᠶᠢᠰᠢᠩ ᠂ ᠰᠠᠩ ᠬᠥᠮᠥᠷᠭᠡ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠬᠤᠭᠤᠰᠣᠨ ᠭᠠᠵᠠᠷ᠂ ᠴᠡᠴᠡᠷᠯᠢᠭ ᠤᠨ ᠵᠦᠯᠭᠡ ᠭᠠᠵᠠᠷ ᠵᠡᠷᠭᠡ | ᠣᠷᠣᠨ ᠵᠠᠶ ᠶᠢ ᠠᠰᠢᠭᠯᠠᠨ ᠪᠡᠶ᠎ᠡ ᠶᠢᠨ ᠲᠠᠮᠢᠷ ᠤᠨ ᠰᠠᠭᠤᠷᠢ ᠲᠥᠬᠦᠭᠡᠷᠦᠮᠵᠢ ᠶᠢᠨ ᠥᠭᠡᠷᠡᠴᠢᠯᠡᠨ ᠰᠠᠶᠢᠵᠢᠷᠠᠭᠤᠯᠤᠯᠲᠠ ᠶᠢ ᠥᠷᠨᠢᠭᠦᠯᠵᠦ᠂ ᠣᠯᠠᠨ ᠲᠦᠮᠡᠨ ᠤ | ᠳᠡᠷᠭᠡᠳᠡᠬᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠬᠠᠩᠭᠠᠯᠭ᠎ᠠ ᠶᠢ ᠨᠡᠮᠡᠭᠳᠡᠭᠦᠯᠬᠦ ᠶᠢ ᠵᠢᠭᠠᠵᠤ ᠪᠣᠶ᠃ | | | ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠄ ᠨᠠᠮ ᠤᠨ ᠤᠯᠠᠨ ᠲᠦᠮᠡᠨᠴᠢ ᠱᠤᠭᠤᠮ ᠢ ᠪᠠᠷᠢᠮᠲᠠᠯᠠᠨ ᠲᠤᠭᠤᠰᠢᠯᠠᠭᠤᠯᠵᠤ ᠂ ᠨᠠᠮ ᠤᠨ | ᠤᠳᠤᠷᠢᠳᠤᠯᠭ᠎ᠠ ᠳᠣᠣᠷ᠎ᠠ᠂ ᠤᠯᠠᠨ ᠲᠦᠮᠡᠨ ᠢ ᠭᠦᠢᠴᠡᠳ ᠲᠠᠶᠢᠴᠢᠯᠠᠵᠦ᠂ ᠤᠯᠠᠨ ᠲᠦᠮᠡᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠳᠤ ᠲᠦᠰᠢᠭᠯᠡᠨ ᠤᠯᠠᠨ | ᠲᠦᠮᠡᠨ ᠤ ᠥᠪᠡᠷ ᠤᠨ ᠶᠠᠪᠤᠳᠠᠯ ᠢᠶᠠᠨ ᠰᠢᠢᠳᠪᠦᠷᠢᠯᠡᠵᠦ᠂ ︽ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ | ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠵᠢᠭᠠᠵᠤ ᠪᠣᠶ᠃ | | | ︽ᠭᠤᠷᠪᠠ ᠶᠢ ᠪᠦᠷᠢᠳᠦᠭᠦᠯᠬᠦ︾᠄ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ | ᠠᠵᠤ ᠠᠬᠤᠶ ᠶᠢᠨ ᠠᠵᠢᠯ ᠤᠨ ᠬᠤᠷᠠᠯ ᠠᠴᠠ᠂ ︽ᠵᠣᠭᠰᠣᠴᠠ ᠲᠠᠢ ᠪᠠᠶᠢᠬᠤ ︾ ᠤᠯᠤᠰ ᠲᠥᠷᠥ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ︽ᠪᠠᠶᠢᠷᠢ | ᠲᠣᠭᠲᠠᠭᠠᠯᠲᠠ ᠲᠠᠢ︾ ᠪᠠᠷᠢᠮᠵᠢᠶ᠎ᠠ ᠶᠢᠨ ᠱᠠᠭᠠᠷᠳᠠᠯᠭ᠎ᠠ ᠶᠢ ᠪᠠᠷᠢᠮᠲᠠᠯᠠᠵᠤ᠂ ︽ᠪᠠᠶᠢᠷᠢ ᠰᠠᠭᠤᠷᠢ ᠲᠠᠢ︾ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠬᠤ ᠬᠡᠷᠡᠭᠲᠡᠶ | ᠭᠡᠵᠦ ᠳᠤᠷᠠᠳᠪᠠ᠃ | | ︽ᠳᠥᠷᠪᠡᠨ ᠡᠷᠬᠡᠪᠰᠢ︾᠄ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ | ᠠᠬᠤᠶ ᠶᠢᠨ ᠠᠵᠢᠯ ᠤᠨ ᠬᠤᠷᠠᠯ ᠠᠴᠠ᠂ ᠠᠵᠢᠯ ᠤᠨ ᠳᠤᠮᠳᠠ ᠪᠠᠨ ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠬᠤ︾᠂ ︽ᠡᠷᠬᠡᠪᠰᠢ | ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠬᠤ︾᠂ ︽ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠬᠤ ᠶᠢ ᠪᠠᠷᠢᠮᠲᠠᠯᠠᠬᠤ︾᠂ | ︽ᠡᠷᠬᠡᠪᠰᠢ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠬᠤ︾ ᠵᠠᠷᠴᠢᠮ ᠢ ᠰᠠᠶᠢᠲᠤᠷ ᠡᠵᠡᠮᠰᠢᠬᠦ ᠬᠡᠷᠡᠭᠲᠡᠶ ᠭᠡᠵᠦ ᠳᠤᠷᠠᠳᠪᠠ ᠃ | | |