ᠤᠯᠠᠭᠠᠨᠬᠠᠳᠠ ᠬᠤᠲᠠ ᠶᠢᠨ ᠲᠥᠯᠥᠭᠡᠯᠡᠭᠴᠢᠳ ᠤᠨ ᠪᠦᠯᠬᠦᠮ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ
ᠨᠡᠶᠢᠲᠡᠯᠡᠭᠰᠡᠨ ᠴᠠᠭ᠄
2025/1/20
     ᠲᠠᠩ ᠢ ᠯᠤᠸᠠᠨ ᠲᠢᠶᠠᠨ ᠮᠧᠩ ᠰᠦᠶ ᠯᠢ ᠨᠡᠷ ᠣᠷᠣᠯᠴᠠᠪᠠ    1 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠣᠷᠣᠯᠴᠠᠭᠰᠠᠨ ᠤᠯᠠᠭᠠᠨᠬᠠᠳᠠ ᠬᠤᠲᠠ ᠶᠢᠨ ᠲᠥᠯᠥᠭᠡᠯᠡᠭᠴᠢᠳ ᠤᠨ ᠪᠦᠯᠬᠦᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠶ ᠯᠢ ᠨᠡᠷ ᠬᠢᠨᠠᠨ ᠵᠥᠪᠯᠡᠬᠦ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠬᠤᠤ ᠾᠦᠢ ᠮᠢᠩ ᠬᠢᠨᠠᠨ ᠵᠥᠪᠯᠡᠬᠦ ᠳᠤ ᠰᠤᠯᠠ ᠣᠷᠣᠯᠴᠠᠪᠠ᠃ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠯᠢᠶᠠᠩ ᠵᠢᠶᠠᠨ ᠡᠤ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠴᠧᠨ ᠰᠢᠤᠸᠠᠢ ᠮᠧᠶ ᠬᠢᠨᠠᠨ ᠵᠥᠪᠯᠡᠬᠦ ᠳᠤ ᠰᠤᠯᠠ ᠣᠷᠣᠯᠴᠠᠭᠰᠠᠨ ᠪᠥᠭᠡᠳ ᠮᠡᠳᠡᠭᠦᠯᠦᠯᠲᠡ ᠳᠤ ᠲᠠᠶᠢᠯᠠᠪᠤᠷᠢᠯᠠᠯᠲᠠ ᠬᠢᠪᠡ᠃    ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠪᠠᠶᠢᠴᠠᠭᠠᠬᠤ ᠬᠤᠷᠢᠶ᠎ᠠ  ᠶᠢᠨ ᠠᠵᠢᠯ ᠤᠨ ᠮᠡᠳᠡᠭᠦᠯᠦᠯᠲᠡ ᠶᠢ ᠰᠠᠨᠠᠯ ᠨᠢᠭᠡᠲᠡᠶ ᠵᠥᠪᠰᠢᠶᠡᠷᠡᠪᠡ᠃ ᠤᠯᠠᠨ ᠢᠶᠠᠷ ᠢᠶᠠᠨ᠂ ᠥᠪᠡᠷᠲᠡᠭᠡᠨ ᠵᠠᠰᠠᠬᠤ ᠣᠷᠣᠨ ᠤ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠬᠤᠷᠢᠶ᠎ᠠ︾ ᠶᠢᠨ ᠠᠵᠢᠯ ᠤᠨ ᠢᠯᠡᠳᠬᠡᠯ ᠨᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠤᠯᠤᠰ ᠲᠦᠷᠦ ᠶᠢ ᠡᠷᠬᠢᠮᠯᠡᠨ ᠶᠡᠭᠡ ᠲᠠᠯ᠎ᠠ ᠶᠢ ᠬᠠᠷᠠᠭᠠᠯᠵᠠᠵᠤ᠂ ᠲᠥᠪ ᠭᠤᠣᠯᠴᠢ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠬᠠᠤᠯᠢ ᠴᠠᠭᠠᠵᠠ ᠶᠢᠨ ᠰᠢᠭᠦᠨ ᠲᠠᠰᠤᠯᠤᠯᠲᠠ ᠪᠣᠯᠤᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠠᠷᠠᠳ ᠤᠯᠠᠨ ᠤ ᠬᠠᠤᠯᠢ ᠴᠠᠭᠠᠵᠠ ᠶᠢᠨ ᠠᠵᠢᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠠᠤᠯᠢ ᠴᠠᠭᠠᠵᠠ ᠶᠢᠨ ᠡᠭᠦᠷᠭᠡᠯᠡᠯ ᠢ ᠢᠯᠡᠷᠡᠭᠦᠯᠦᠭᠰᠡᠨ ᠰᠠᠶᠢᠨ ᠮᠡᠳᠡᠭᠦᠯᠦᠯᠲᠡ ᠪᠣᠯᠤᠨ᠎ᠠ ᠭᠡᠵᠦ ᠰᠠᠨᠠᠯ ᠨᠢᠭᠡᠲᠡᠢ  ᠢᠯᠡᠳᠬᠡᠵᠡᠭᠡᠪᠡ᠃    ᠲᠥᠯᠥᠭᠡᠯᠡᠭᠴᠢᠳ ᠰᠢᠨ᠎ᠡ ᠨᠢᠭᠡ ᠵᠢᠯ ᠤᠨ ᠪᠥᠬᠦ ᠣᠷᠣᠨ ᠤ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠠᠵᠢᠯ ᠳᠤ ᠢᠲᠡᠭᠡᠯ ᠲᠡᠭᠦᠯᠳᠡᠷ ᠪᠠᠶᠢᠨ᠎ᠠ᠂ ᠬᠥᠭᠵᠢᠯᠲᠡ ᠪᠠ ᠠᠮᠤᠷ ᠲᠦᠪᠰᠢᠨ ᠢ ᠯᠠᠪᠲᠠᠶ ᠨᠠᠩ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠭᠤᠤᠯ ᠶᠡᠭᠡ ᠲᠠᠯ᠎ᠠ ᠳᠤ ᠦᠢᠯᠡᠴᠢᠯᠡᠵᠦ᠂ ᠲᠥᠪ ᠭᠤᠤᠯᠴᠢ ᠪᠠᠷ ᠬᠠᠤᠯᠢ ᠪᠠᠷᠢᠬᠤ ᠶᠢ ᠴᠢᠩᠳᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠰᠢᠨ᠎ᠡ ᠵᠠᠮ ᠢᠶᠠᠷ ᠵᠠᠮᠨᠠᠬᠤ ᠳᠤ ᠬᠠᠤᠯᠢ ᠪᠠᠷ ᠵᠠᠰᠠᠬᠤ ᠬᠦᠴᠦᠲᠡᠶ ᠪᠠᠲᠤᠯᠠᠭ᠎ᠠ ᠬᠠᠩᠭᠠᠨ᠎ᠠ ᠭᠡᠵᠦ ᠴᠢᠬᠤᠯᠠᠴᠢᠯᠠᠪᠠ᠃    ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠪᠠᠰᠠ ᠦᠨᠳᠦᠰᠦᠨ ᠱᠠᠲᠤᠨ ᠤ ᠬᠠᠤᠯᠢᠵᠢᠯ ᠤᠨ ᠪᠠᠶᠢᠭᠤᠯᠤᠯᠲᠠ ᠶᠢ ᠴᠢᠩᠭᠠᠳᠬᠠᠬᠤ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ᠂ ᠠᠮᠢ ᠠᠬᠤᠢ ᠣᠷᠴᠢᠨ ᠲᠣᠭᠤᠷᠢᠨ ᠤ ᠬᠠᠤᠯᠢ ᠴᠠᠭᠠᠵᠠ ᠶᠢᠨ ᠬᠠᠮᠠᠭᠠᠯᠠᠯᠲᠠ ᠪᠣᠯᠤᠨ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠠᠨᠠᠭᠤᠯᠭ᠎ᠠ ᠳᠤᠷᠠᠳᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ