ᠲᠠᠩ ᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/2/28
    2 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠵᠡᠷᠭᠡ ᠲᠠᠯ᠎ᠠ ᠪᠠᠷ ᠣᠯᠠᠨ ᠠᠵᠤ ᠠᠬᠤᠶᠢᠯᠠᠯ ᠲᠠᠢ ᠵᠣᠯᠭᠠᠭᠤᠯᠤᠨ ᠵᠥᠪᠳᠡᠯᠴᠡᠪᠡ᠃    ᠲᠠᠩ ᠢ ᠨᠡᠷ ᠳᠤᠮᠳᠠᠳᠤ ᠤᠯᠤᠰ ᠤᠨ ᠵᠦᠩ ᠮᠧᠢ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠴᠢ ᠠᠨ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ᠂ ᠥᠪᠥᠷ ᠮᠣᠩᠭᠤᠯ ᠤᠨ ᠪᠥᠸᠧ ᠰᠧ ᠷᠦᠢ ᠹᠦ᠋ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ᠂ ᠦᠢᠯᠡᠳᠬᠦᠨ ᠤ ᠬᠡᠷᠡᠭᠯᠡᠭᠡᠨ ᠤ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠠᠩ ᠢ᠂ ᠤᠯᠠᠭᠠᠨᠬᠠᠳᠠ ᠶᠢᠨ ᠠᠵᠤ ᠦᠢᠯᠡᠰ ᠤᠨ ᠰᠠᠭᠤᠷᠢ ᠯᠠᠪᠳᠠᠭᠤᠨ ᠪᠠᠲᠤᠲᠠᠶ᠂ ᠣᠷᠣᠨ ᠪᠠᠶᠢᠷᠢ ᠂ ᠡᠬᠢ ᠪᠠᠶᠠᠯᠢᠭ ᠤᠨ ᠳᠠᠪᠠᠭᠤᠯᠢᠭ ᠢᠯᠡᠷᠬᠡᠶ᠂ ᠬᠥᠮᠦᠨ ᠤ ᠬᠦᠴᠦᠨ ᠤ ᠡᠬᠢ ᠪᠠᠶᠠᠯᠢᠭ ᠡᠯᠪᠡᠭ᠂ ᠪᠡᠭᠡᠵᠢᠩ ᠲᠢᠶᠠᠨᠵᠢᠨ ᠾᠧᠪᠧᠶ ᠶᠢᠨ ᠬᠥᠭᠵᠢᠯᠲᠡ ᠳᠤ ᠭᠦᠨᠵᠡᠭᠡᠶ ᠠᠭᠤᠰᠤᠯᠴᠠᠵᠤ᠂ ᠠᠵᠤ ᠠᠬᠤᠶ ᠶᠢᠨ ᠶᠠᠪᠤᠯᠴᠠᠭ᠎ᠠ ᠨᠢᠭᠲᠠ ᠶᠤᠮ᠃ ᠣᠳᠣᠬᠠᠨ ᠳᠤ᠂ ᠪᠢᠳᠡ ᠶᠠᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠤ ᠦᠢᠯᠡᠳᠪᠦᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠬᠡᠮᠵᠢᠶ᠎ᠡ ᠶᠢ ᠪᠣᠵᠠᠭᠠᠶᠢᠷᠠᠭᠤᠯᠬᠤ ᠳᠤ ᠬᠦᠴᠦᠯᠡᠵᠦ ᠪᠠᠶᠢᠨ᠎ᠠ᠃ ᠡᠯ᠎ᠡ ᠠᠵᠤ ᠠᠬᠤᠶᠢᠯᠠᠯᠲᠠᠳ ᠨᠢ ᠤᠯᠠᠭᠠᠨᠬᠠᠳᠠ  ᠶᠢᠨ ᠤᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠤᠯᠠᠭᠠᠨᠬᠠᠳᠠ ᠶᠢᠨ ᠪᠠᠶᠢᠭᠤᠯᠤᠯᠲᠠ ᠳᠤ ᠬᠦᠴᠦ ᠨᠡᠮᠡᠷᠢᠯᠡᠵᠦ᠂ ᠪᠣᠳᠠᠲᠠᠢ ᠲᠦᠷᠦᠯ ᠵᠦᠢᠯ ᠢ ᠭᠦᠨᠵᠡᠭᠡᠢ ᠲᠥᠯᠥᠪᠵᠢᠭᠦᠯᠵᠦ᠂ ᠬᠠᠮᠲᠤᠷᠠᠯᠴᠠᠭᠠᠨ ᠤ ᠵᠠᠭᠪᠤᠷ ᠢᠶᠠᠨ ᠲᠠᠰᠤᠷᠠᠯᠲᠠ ᠦᠭᠡᠢ ᠰᠢᠨᠡᠴᠢᠯᠡᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠤᠯᠠᠭᠠᠨᠬᠠᠳᠠ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠵᠣᠯᠭᠠᠯᠴᠠᠭ᠎ᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃    ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠲᠣᠰ ᠤᠳᠠᠭᠠᠨ ᠤ ᠠᠭᠤᠯᠵᠠᠯᠲᠠ ᠪᠠᠷ ᠠᠵᠠ ᠲᠣᠬᠢᠶᠠᠯ ᠪᠣᠯᠭᠠᠵᠤ᠂ ᠤᠯᠠᠭᠠᠨᠬᠠᠳᠠ ᠶᠢᠨ ᠬᠥᠭᠵᠢᠯᠲᠡ ᠶᠢᠨ ᠬᠡᠷᠡᠭᠴᠡᠭᠡ ᠲᠠᠢ ᠨᠢᠭᠲᠠ ᠵᠣᠯᠭᠠᠭᠤᠯᠵᠤ᠂ ᠤᠯᠠᠭᠠᠨᠬᠠᠳᠠ ᠯᠤᠭ᠎ᠠ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠮᠡᠷᠭᠡᠵᠢᠯ᠂ ᠴᠢᠳᠠᠪᠤᠷᠢᠲᠠᠨ ᠪᠠ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠢᠨ᠎ᠡ ᠡᠨᠧᠷᠭᠢ᠂ ᠲᠣᠭᠠᠴᠢᠯᠠᠭᠰᠠᠨ ᠠᠮᠤᠷ ᠲᠦᠪᠰᠢᠨ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠶ ᠥᠷᠭᠡᠳᠬᠡᠵᠦ᠂ ᠤᠯᠠᠭᠠᠨᠬᠠᠳᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠬᠦᠴᠦᠨ ᠨᠡᠮᠡᠷᠢᠯᠡᠨ᠎ᠡ  ᠭᠡᠵᠦ ᠢᠯᠡᠳᠬᠡᠵᠡᠭᠡᠪᠡ᠃    ᠬᠤᠲᠠ ᠶᠢᠨ ᠤᠳᠤᠷᠢᠳᠤᠯᠭ᠎ᠠ ᠴᠧᠨ ᠵᠠᠨ ᠶᠢᠩ᠂ ᠮᠧᠩ ᠰᠢᠶᠤᠤ ᠪᠢᠩ᠂ ᠸᠠᠩ ᠶᠦᠩ ᠵᠢᠶᠦ᠋ᠨ᠂ ᠵᠣᠣ ᡁᠢ ᠭᠠᠩ᠂ ᠵᠠᠩ ᡁᠢ ᠭᠠᠩ ᠲᠣᠰ ᠲᠣᠰ ᠠᠵᠢᠯᠯᠠᠭ᠎ᠠ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ