| | ︽3.8︾ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ | ᠤᠨ ᠬᠠᠷᠢᠭᠤᠴᠠᠯᠭ᠎ᠠ ᠶᠢ ᠢᠯᠡᠷᠡᠭᠦᠯᠬᠦ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ | ᠥᠨᠥᠳᠦᠷ ︽ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠂ ᠡᠮᠡᠭᠲᠡᠶᠢᠴᠦᠳ ᠤᠨ ᠬᠦᠴᠦᠨ ᠢᠶᠠᠨ ᠳᠠᠮᠵᠢᠭᠤᠯᠬᠤ︾ ᠬᠦᠴᠢᠷᠳᠡᠯᠲᠡᠢ | ᠡᠮᠡᠭᠲᠡᠶᠢᠴᠦᠳ ᠢ ᠲᠣᠬᠤᠨᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠨᠠᠷᠢᠨ | ᠪᠢᠴᠢᠭ ᠤᠨ ᠳᠠᠷᠤᠭ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠡᠷᠬᠢᠯᠡᠭᠴᠢ ᠯᠢᠦ ᠪᠥᠸᠧ ᠪᠡᠶ᠎ᠡ ᠪᠠᠷ ᠢᠶᠠᠨ ᠪᠦᠯᠬᠦᠮ ᠳᠠᠭᠠᠭᠤᠯᠤᠨ᠂ ᠭᠤᠸᠠᠨ ᠵᠢᠶᠠ | ᠶᠢᠩᠽᠢ ᠲᠣᠰᠬᠤᠨ ᠳᠤ ᠭᠦᠨᠵᠡᠭᠡᠶᠢᠷᠡᠵᠦ᠂ ᠶᠠᠳᠠᠭᠤ ᠬᠦᠴᠢᠷᠳᠡᠯᠲᠡᠢ ᠬᠤᠶᠠᠷ ᠭᠡᠷ ᠪᠦᠯᠢ ᠪᠠᠷ ᠲᠣᠭᠤᠷᠢᠨ ᠦᠵᠡᠭᠰᠡᠨ ᠪᠥᠭᠡᠳ ᠲᠣᠰᠬᠤᠨ ᠤ ᠡᠷᠡᠭᠦᠯ ᠬᠠᠮᠠᠭᠠᠯᠠᠯ | ᠤᠨ ᠬᠤᠷᠢᠶᠠᠨ ᠳᠤ ᠬᠦᠷᠴᠦ ᠲᠣᠬᠤᠨᠢᠭᠤᠯᠵᠤ᠂ ᠨᠡᠶᠢᠭᠡᠮ ᠤᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ | | ᠯᠢᠦ ᠪᠦᠸᠧ ᠳᠡᠳ᠋ ᠨᠠᠷᠢᠨ ᠪᠢᠴᠢᠭ ᠤᠨ ᠳᠠᠷᠤᠭ᠎ᠠ ᠨᠠᠷ ᠤᠷᠢᠳᠠᠪᠠᠷ ᠭᠤᠸᠠᠨ ᠵᠢᠶᠠ ᠶᠢᠩᠽᠢ ᠲᠤᠰᠬᠤᠨ ᠤ ᠬᠤᠶᠠᠷ ᠬᠦᠴᠢᠷᠳᠡᠯᠲᠡᠶ ᠡᠮᠡᠭᠲᠡᠶᠢᠴᠦᠳ ᠤᠨ ᠭᠡᠷ | ᠪᠦᠯᠢ ᠪᠠᠷ ᠰᠣᠷᠪᠤᠯᠵᠢᠯᠠᠵᠤ᠂ ᠬᠦᠴᠢᠷᠳᠡᠯᠲᠡᠶ ᠡᠮᠡᠭᠲᠡᠶᠢᠴᠦᠳ ᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠬᠦᠰᠡᠯ ᠱᠠᠭᠠᠷᠳᠠᠯᠭ᠎ᠠ ᠶᠢ | ᠰᠣᠨᠣᠰᠬᠤ ᠶᠢᠨ ᠬᠠᠮᠲᠤ ᠲᠣᠬᠤᠨᠢᠭᠤᠯᠬᠤ ᠡᠳ᠋ ᠪᠣᠳᠠᠰ ᠪᠠ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ ᠳᠠᠷᠠᠭ᠎ᠠ ᠨᠢ᠂ ᠲᠣᠰᠬᠤᠨ ᠤ ᠡᠷᠡᠭᠦᠯ ᠬᠠᠮᠠᠭᠠᠯᠠᠯ ᠤᠨ | ᠬᠤᠷᠢᠶᠠᠨ ᠳᠤ ᠬᠦᠷᠴᠦ᠂ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢᠳ ᠲᠤ ᠬᠥᠨᠳᠦᠳᠬᠡᠯ ᠢᠶᠠᠨ ᠳᠡᠪᠰᠢᠭᠦᠯᠵᠦ᠂ ᠡᠷᠡᠭᠦᠯ ᠬᠠᠮᠠᠭᠠᠯᠠᠯ ᠤᠨ | ᠬᠤᠷᠢᠶᠠᠨ ᠳᠤ ᠡᠮᠴᠢᠯᠡᠭᠡ ᠬᠦᠯᠢᠶᠡᠵᠦ ᠪᠠᠶᠢᠭ᠎ᠠ ᠬᠦᠴᠢᠷᠳᠡᠯᠲᠡᠶ ᠡᠮᠡᠭᠲᠡᠶ ᠡᠪᠡᠳᠴᠢᠲᠡᠨ ᠢ ᠲᠣᠬᠤᠨᠢᠭᠤᠯᠤᠨ ᠦᠵᠡᠪᠡ᠃ | | ᠲᠣᠰ ᠤᠳᠠᠭᠠᠨ ᠤ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠨᠢ ᠬᠦᠴᠢᠷᠳᠡᠯᠲᠡᠶ ᠡᠮᠡᠭᠲᠡᠶᠢᠴᠦᠳ ᠤᠨ ᠬᠡᠷ ᠪᠦᠯᠢ ᠳᠤ ᠪᠣᠳᠠᠰ ᠤᠨ ᠲᠠᠯ᠎ᠠ ᠶᠢᠨ | ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠤᠨ᠂ ᠯᠸᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ | ᠠᠯᠬᠤᠮ ᠪᠠᠳᠠᠷᠠᠭᠤᠯᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠪᠠ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ | ᠡᠮᠡᠭᠲᠡᠶᠢᠴᠦᠳ ᠤᠨ ᠬᠤᠯᠪᠣᠭ᠎ᠠ ᠬᠦᠴᠢᠷᠳᠡᠯᠲᠡᠶ ᠡᠮᠡᠭᠲᠡᠶᠢᠴᠦᠳ ᠤᠨ ᠠᠮᠢᠳᠤᠷᠠᠯ ᠢ ᠦᠷᠭᠦᠯᠵᠢᠯᠡᠨ ᠠᠩᠬᠠᠷᠴᠤ᠂ ᠡᠯ᠎ᠡ ᠲᠥᠷᠥᠯ ᠤᠨ ᠬᠠᠯᠠᠮᠵᠢᠯᠠᠨ ᠬᠠᠶᠢᠷᠠᠯᠠᠬᠤ | ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ | ᠨᠠᠶᠢᠭᠡᠮ ᠤᠨ ᠡᠯ᠎ᠠ ᠲᠠᠯ᠎ᠠ ᠶᠢᠨ ᠬᠦᠴᠢᠷᠳᠡᠯᠲᠡᠶ ᠡᠮᠡᠭᠲᠡᠶᠢᠴᠦᠳ ᠲᠤ ᠠᠩᠬᠠᠷᠤᠯ ᠢᠶᠠᠨ ᠬᠠᠨᠳᠤᠭᠤᠯᠤᠨ ᠡᠶ᠎ᠡ ᠵᠣᠭᠢᠴᠠᠯ ᠲᠠᠢ ᠨᠠᠶᠢᠭᠡᠮ ᠢ ᠴᠣᠬᠴᠠᠯᠠᠬᠤ ᠳᠤ ᠬᠤᠪᠢ | ᠨᠡᠮᠡᠷᠢᠯᠡᠬᠦ ᠪᠠᠷ ᠴᠢᠷᠮᠠᠶᠢᠨ᠎ᠠ᠃ | |