| ᠣᠶᠢᠷ᠎ᠠ ᠶᠢᠨ ᠡᠳᠦᠷ ᠤᠳ ᠲᠤ᠂ ᠤᠯᠠᠭᠠᠨᠬᠠᠳᠠ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽2025 ᠣᠨ ᠤ ᠪᠥᠬᠦ ᠣᠷᠣᠨ ᠤ ︿ | ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀᠂ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ | ᠠᠵᠢᠯ ᠤᠨ ᠲᠥᠰᠦᠯ︾ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ︾ ᠠᠵᠢᠯ ᠤᠨ ᠭᠤᠤᠯ ᠰᠡᠳᠦᠪ ᠢ ᠠᠳᠬᠤᠵᠤ᠂ | ᠡᠯ᠎ᠡ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ 2025 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ | ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ | | ᠤᠯᠠᠭᠠᠨᠬᠠᠳᠠ ᠬᠤᠲᠠ ᠶᠢᠨ ᠡᠯ᠎ᠡ ᠭᠠᠵᠠᠷ ᠣᠷᠣᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠤᠤᠯ ᠲᠠᠯᠠᠪᠤᠷ ᠤᠨ | ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠬᠥᠭᠵᠢᠶᠡᠨᠲᠡᠶ ᠠᠭᠤᠷ ᠠᠮᠢᠰᠬᠤᠯ ᠢ ᠪᠣᠶ ᠪᠣᠯᠭᠠᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ | ᠲᠣᠪᠴᠢᠶ᠎ᠠ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠨᠢᠩᠴᠧᠩ ᠰᠢᠶᠠᠨ ᠳᠤ ᠪᠥᠬᠦ ᠬᠤᠲᠠ ᠶᠢᠨ ︽ᠦᠨᠳᠦᠰᠦᠲᠡᠨ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠤᠤᠯ ᠲᠠᠯᠠᠪᠤᠷ ᠤᠨ ᠠᠵᠢᠯᠯᠠᠭ᠎ᠠ ᠶᠢ ᠬᠠᠮᠲᠤᠷᠠᠨ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠱᠧᠩ ᠼᠠᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠦᠩᠬᠡᠲᠡᠯᠡᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠢᠦᠶ | ᠴᠢᠶᠠᠩ ᠠᠵᠢᠯᠯᠠᠭ᠎ᠠ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠮᠥ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠵᠤ᠂ ᠨᠢᠩᠴᠧᠩ ᠰᠢᠶᠠᠨ ᠤ ᠨᠠᠮ ᠤᠨ ᠬᠤᠷᠢᠶᠠᠨ ᠤ ᠱᠦᠵᠢ ᠪᠦᠦ ᠠᠶ ᠮᠢᠨ ᠤᠭᠲᠤᠬᠤ ᠦᠭᠡ ᠬᠡᠯᠡᠵᠦ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ | ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠠᠷᠠᠳ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠶᠧ ᠶᠠᠨ | ᠯᠢ ᠠᠵᠢᠯᠯᠠᠭ᠎ᠠ ᠶᠢ ᠡᠷᠭᠢᠯᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠨᠢᠩᠴᠧᠩ ᠰᠢᠶᠠᠨ ᠤ ᠤᠯᠠᠭᠠᠨᠮᠥ᠋ᠴᠢᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠤᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠥᠷᠨᠢᠭᠦᠯᠵᠦ᠂ ᠠᠵᠢᠯᠲᠠᠳ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ | ᠲᠠᠷᠬᠠᠭᠠᠪᠠ᠃ ᠲᠤᠬᠠᠶ ᠶᠢᠨ ᠲᠠᠯᠠᠪᠠᠶ ᠳᠤ ᠪᠠᠰᠠ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠪᠠ ᠰᠦᠯᠵᠢᠶᠡᠨ ᠤ ᠲᠠᠪᠴᠠᠩ ᠤᠨ | ᠰᠢᠭᠤᠳ ᠨᠡᠪᠲᠡᠷᠡᠭᠦᠯᠭᠡ ᠬᠢᠵᠦ᠂ ᠦᠢᠯᠡᠴᠢᠯᠡᠭᠡᠨ ᠤ ᠵᠥᠪᠯᠡᠯᠭᠡ ᠥᠭᠬᠦ ᠬᠥᠮᠦᠨ ᠤ ᠲᠤᠭ᠎ᠠ 2000 ᠭᠠᠷᠤᠶ ᠬᠥᠮᠦᠨ ᠤᠳᠠᠭ᠎ᠠ ᠳᠤ ᠬᠦᠷᠴᠦ᠂ ᠰᠦᠯᠵᠢᠶᠡᠨ ᠤ | ᠰᠢᠭᠤᠳ ᠨᠡᠪᠲᠡᠷᠡᠭᠦᠯᠭᠡ ᠶᠢ ᠰᠦᠯᠵᠢᠶᠡᠨ ᠳᠡᠭᠡᠷ᠎ᠡ ᠦᠵᠡᠭᠰᠡᠨ ᠬᠥᠮᠦᠨ ᠤ ᠲᠤᠭ᠎ᠠ 10 ᠲᠦᠮᠡᠨ ᠬᠥᠮᠦᠨ ᠤᠳᠠᠭ᠎ᠠ ᠳᠤ ᠬᠦᠷᠪᠡ᠃ ᠰᠦᠩᠱᠠᠨ ᠲᠣᠭᠤᠷᠢᠭ ᠭᠤᠣᠯ | ᠲᠠᠯᠠᠪᠤᠷ ᠤᠨ ᠠᠵᠢᠯᠯᠠᠭ᠎ᠠ ᠶᠢᠨ ᠳᠤᠮᠳᠠ ︽ᠪᠣᠳᠠᠰ ᠤᠨ ᠪᠤᠰᠤ ᠰᠣᠶᠣᠯ ᠤᠨ ᠥᠪ ᠤᠨ ᠠᠮᠲᠠᠲᠤ ᠢᠳᠡᠭᠡᠨ ᠠᠷᠠᠳ ᠤᠨ ᠵᠠᠩ ᠳᠠᠳᠬᠠᠯ︾ ᠢ ᠪᠡᠶᠡᠴᠢᠯᠡᠨ | ᠣᠶᠢᠯᠠᠭᠠᠬᠤ ᠡᠯᠧᠮᠧᠨ᠋ᠲ ᠲᠤ ᠠᠭᠤᠰᠤᠯᠴᠠᠭᠤᠯᠵᠤ᠂ ᠵᠤᠭᠠᠴᠠᠭᠰᠠᠳ ᠲᠤᠬᠠᠢ ᠶᠢᠨ ᠲᠠᠯᠠᠪᠠᠢ ᠳᠤ ᠵᠢᠷᠤᠭ ᠳᠦᠷᠰᠦ ᠪᠠᠷ ︽ᠨᠢᠭᠡᠲᠦᠮᠡᠯ ᠬᠤᠯᠪᠤᠭᠠᠰᠦ︾ ᠶᠢ ᠪᠡᠶᠡᠴᠢᠯᠡᠨ | ᠣᠶᠢᠯᠠᠭᠠᠵᠤ᠂ ᠬᠡᠦᠬᠡᠳ ᠤᠳ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ︾ ᠭᠡᠬᠦ ᠭᠤᠣᠯ ᠰᠡᠳᠦᠪᠲᠦ ᠰᠡᠭᠦᠳᠡᠷ | ᠵᠦᠴᠦᠭᠡ ᠶᠢ ᠨᠠᠷᠢᠨ ᠬᠢᠨᠠᠮᠠᠭᠠᠢ ᠦᠵᠡᠵᠦ᠂ ᠠᠷᠠᠳ ᠤᠨ ᠵᠠᠩ ᠦᠢᠯᠡ ᠶᠢᠨ ᠵᠡᠭᠡᠯᠢ ᠶᠢᠨ ︽ᠠᠨᠠᠷ ᠤᠨ ᠦᠷ᠎ᠡ︾ ᠭᠡᠬᠦ ᠭᠤᠣᠯ ᠰᠡᠳᠦᠪᠲᠦ ᠰᠡᠭᠦᠳᠡᠷ ᠲᠠᠲᠠᠬᠤ | ᠬᠠᠯᠠᠮᠰᠢᠯ ᠬᠡᠷᠡᠮ ᠤᠨ ᠡᠮᠦᠨ᠎ᠡ᠂ ᠦᠨᠳᠦᠰᠦᠲᠡᠨ ᠨᠦᠭᠦᠳ ᠤᠨ ᠤᠯᠠᠨ ᠲᠦᠮᠡᠨ ᠮᠠᠰᠢ ᠪᠠᠶᠠᠷ ᠪᠠᠶᠠᠰᠬᠤᠯᠠᠩ ᠲᠠᠢ ᠭᠡᠷᠡᠯ ᠵᠢᠷᠤᠭ ᠦᠯᠡᠳᠡᠭᠡᠪᠡ᠃ ᠯᠢᠨᠰᠢ ᠰᠢᠶᠠᠨ | ᠭᠤᠤᠯ ᠲᠠᠯᠠᠪᠤᠷ ᠤᠨ ᠠᠵᠢᠯᠯᠠᠭ᠎ᠠ ᠪᠠᠷ ᠳᠠᠮᠵᠢᠭᠤᠯᠤᠨ ᠤᠬᠠᠭᠤᠯᠭ᠎ᠠ ᠶᠢᠨ ᠰᠠᠷ᠎ᠠ ︵ᠭᠠᠷᠠᠭ︶ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ︽ | ᠤᠮᠠᠷᠠᠲᠤ ᠬᠢᠯᠢ ᠶᠢᠨ ᠠᠨᠠᠷ ᠤᠯᠠᠭᠠᠨ︾ ᠤᠬᠠᠭᠤᠯᠤᠨ ᠲᠠᠶᠢᠯᠪᠤᠷᠢᠯᠠᠬᠤ ᠳᠤᠭᠤᠶᠢᠯᠠᠩ ᠤᠨ ᠭᠡᠰᠢᠭᠦᠳ ᠲᠤ ᠤᠷᠢᠯᠭ᠎ᠠ ᠶᠢᠨ ᠪᠢᠴᠢᠭ ᠣᠯᠭᠤᠵᠤ᠂ ᠦᠨᠳᠦᠰᠦᠲᠡᠨ ᠤ | ᠪᠦᠯᠬᠦᠮᠳᠡᠯ ᠤᠨ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠡᠷᠭᠢᠯᠡᠵᠦ᠂ ᠨᠠᠷᠢᠨ ᠨᠢᠮᠪᠠᠶ ᠲᠥᠯᠥᠪᠯᠡᠨ ᠪᠠᠶᠢᠷᠢᠯᠠᠭᠤᠯᠵᠤ᠂ ᠨᠠᠮ ᠤᠨ ᠦᠨᠳᠦᠰᠦᠲᠡᠨ ᠤ | ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠬᠠᠷᠠᠯᠲᠠ ᠲᠠᠢ ᠪᠠᠷ ᠬᠦᠴᠦᠯᠡᠨ ᠥᠷᠨᠢᠭᠦᠯᠪᠡ᠃ | ᠪᠠᠭᠠᠷᠢᠨ ᠵᠡᠭᠦᠨ ᠬᠤᠰᠢᠭᠤ ᠯᠢᠶᠣᠤ ᠶᠢᠨ ᠳᠡᠭᠡᠳᠦ ᠨᠡᠶᠢᠰᠯᠡᠯ ᠤᠨ ᠮᠦᠽᠧᠢ ᠳᠤ ︽ᠠᠨᠠᠷ ᠤᠨ ᠴᠡᠴᠡᠭ ᠳᠡᠭᠡᠳᠦ ᠨᠡᠶᠢᠰᠯᠡᠯ ᠳᠤ ᠳᠡᠯᠭᠡᠷᠡᠪᠡᠢ︾ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠦᠵᠡᠰᠬᠦᠯᠡᠩ ᠢ ᠵᠣᠬᠢᠶᠠᠨ ᠪᠠᠶᠢᠭᠤᠯᠤᠨ ᠥᠷᠨᠢᠭᠦᠯᠵᠦ | ᠂ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠪᠦᠯᠬᠦᠮᠳᠡᠯ ᠲᠡᠮᠡᠴᠡᠯ ᠢᠶᠠᠷ ᠪᠢᠷ ᠪᠣᠯᠭᠠᠵᠤ᠂ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ︾ ᠠᠮᠢᠳᠤᠯᠢᠭ | ᠦᠢᠯᠡᠳᠦᠯᠭᠡ ᠶᠢ ᠳᠡᠯᠭᠡᠨ ᠦᠵᠡᠭᠦᠯᠪᠡ᠃ | |